ᠸᠠᠩ ᠵᠧᠩ ᠢᠦᠢ ᠣᠷᠳᠣᠰ ᠬᠤᠳᠠ ᠳᠤ ᠬᠦᠷᠴᠦ ᠪᠡᠶ᠎ᠡ ᠶᠢᠨ ᠲᠠᠮᠢᠷ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/3
   3 ᠰᠠᠷ᠎ᠠ ᠶᠢᠨ 31 ᠤ ᠡᠳᠦᠷ ᠠᠴᠠ 4 ᠰᠠᠷ᠎ᠠ ᠶᠢᠨ 1 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ ᠣᠷᠳᠣᠰ ᠬᠤᠲᠠ ᠳᠤ ᠬᠦᠷᠴᠦ ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠪᠠᠶᠢᠳᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃     ᠸᠠᠩ ᠵᠧᠩ ᠢᠦᠢ ᠤᠷᠢᠳ ᠬᠤᠵᠢᠳ ᠣᠷᠳᠣᠰ ᠬᠤᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠬᠢᠶ᠎ᠠ ᠪᠠᠭᠰᠢ ᠲᠣᠭᠤᠷᠢᠭ᠂ ᠡᠵᠡᠨ ᠬᠤᠷᠤᠭ᠎ᠠ ᠬᠤᠰᠢᠭᠤ ᠪᠣᠯᠣᠨ ᠵᠡᠭᠦᠨᠭᠠᠷ ᠬᠤᠰᠢᠭᠤᠨ ᠳᠤ ᠬᠦᠷᠴᠦ ᠲᠠᠮᠢᠷᠴᠢᠳ ᠤᠨ ᠨᠡᠶᠢᠲᠡ ᠶᠢᠨ ᠪᠠᠶᠢᠷᠢ ᠶᠢᠨ ᠥᠭᠡᠷᠡᠴᠢᠯᠡᠯᠲᠡ᠂ ᠤᠷᠤᠯᠳᠤᠭᠠᠨ ᠤ ᠲᠠᠯᠠᠪᠤᠷ ᠪᠣᠯᠣᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃     ᠸᠠᠩ ᠵᠧᠩ ᠢᠦᠢ ᠠᠴᠠ ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠲᠠᠪᠴᠠᠩ ᠪᠣᠯᠬᠤ ᠪᠥᠭᠡᠳ ᠣᠷᠳᠣᠰ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠬᠦ ᠴᠣᠩᠬᠤ ᠪᠣᠯᠣᠨ᠎ᠠ᠂ ᠡᠶᠢᠮᠦ ᠠᠴᠠ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠵᠦ᠂ ᠵᠢᠯᠣᠭᠤᠳᠤᠯᠭ᠎ᠠ ᠶᠢ ᠰᠢᠰᠲ᠋ᠧᠮᠵᠢᠭᠦᠯᠬᠦ᠂ ᠡᠭᠦᠷᠭᠡ ᠶᠢ ᠲᠥᠷᠥᠯ ᠵᠦᠢᠯ ᠪᠣᠯᠭᠠᠬᠤ᠂ ᠡᠩᠨᠡᠭᠡ ᠶᠢ ᠲᠤᠰᠬᠠᠶᠢᠵᠢᠭᠤᠯᠬᠤ᠂ ᠠᠵᠢᠯ ᠢ ᠨᠠᠷᠢᠨ ᠬᠠᠭᠤᠳᠠᠰᠤᠵᠢᠭᠤᠯᠬᠤ᠂ ᠠᠵᠢᠯᠯᠠᠭᠠᠨ ᠢ ᠴᠤᠪᠤᠷᠠᠭᠤᠯᠬᠤ᠂ ᠨᠠᠷᠢᠨ ᠵᠦᠢᠯᠡᠰ ᠢ ᠪᠠᠷᠢᠮᠵᠢᠶᠠᠵᠢᠭᠤᠯᠬᠤ᠂ ᠲᠣᠬᠢᠷᠠᠭᠤᠯᠤᠯᠲᠠ ᠶᠢ ᠡᠳᠦᠷ ᠤᠨ ᠳᠠᠷᠠᠭᠠᠯᠠᠯ ᠲᠠᠢ ᠪᠣᠯᠭᠠᠬᠤ᠂ ᠠᠵᠢᠯᠯᠠᠭᠠᠨ ᠢ ᠴᠠᠭᠠᠷᠢᠭᠵᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃ ᠡᠭᠦᠨ ᠤ ᠵᠡᠷᠭᠡᠪᠡᠷ᠂ ᠸᠠᠩ ᠵᠧᠩ ᠢᠦᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠠᠬᠢᠭᠤᠯᠬᠤ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃     ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号