ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠺᠣᠮᠢᠰ ᠤᠨ ᠠᠯᠪᠠᠨ ᠭᠡᠷ ᠲᠤᠰᠬᠠᠢ ᠠᠵᠢᠯ ᠤᠨ ᠬᠡᠯᠲᠡᠰ ᠤᠨ ᠬᠤᠯᠪᠤᠭᠠᠴᠢᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/4
    4 ᠰᠠᠷ᠎ᠠ ᠶᠢᠨ 3 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠺᠣᠮᠢᠰ ᠤᠨ ᠠᠯᠪᠠᠨ ᠭᠡᠷ ᠲᠤᠰᠬᠠᠢ ᠠᠵᠢᠯ ᠤᠨ ᠬᠡᠯᠲᠡᠰ ᠤᠨ ᠬᠤᠯᠪᠣᠭᠠᠴᠢᠨ ᠤ ᠬᠤᠷᠠᠯ ᠬᠤᠷᠠᠯᠳᠤᠭᠤᠯᠵᠤ᠂ ᠪᠡᠯᠡᠳᠬᠡᠯ ᠺᠣᠮᠢᠰ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠠᠬᠢᠨ ᠳᠡᠭᠡᠭᠰᠢᠯᠡᠭᠦᠯᠬᠦ ᠬᠡᠷᠡᠭᠲᠡᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠪᠡᠭᠡᠵᠢᠩ ᠤᠨ ᠡᠪᠦᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠤ ᠳᠠᠷᠠᠭᠠᠬᠢ ᠳᠡᠰ ᠳᠠᠪᠬᠤᠷᠭ᠎ᠠ ᠪᠠᠷ ᠬᠠᠮᠤᠭ ᠤᠨ ᠥᠨᠳᠥᠷ᠂ ᠬᠡᠪᠴᠢᠶ᠎ᠡ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ᠂ ᠮᠢᠯᠠᠨ ᠤ ᠡᠪᠦᠯ ᠤᠨ ᠤᠯᠢᠮᠫᠢᠺ ᠤᠨ ᠴᠤᠭᠯᠠᠭᠠᠨ ᠤ ᠪᠠᠷᠢᠮᠵᠢᠶ᠎ᠡ ᠳᠤ ᠨᠡᠶᠢᠴᠡᠭᠦᠯᠬᠦ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠴᠤᠭᠯᠠᠭᠠᠨ ᠮᠥᠨ᠂ ᠣᠯᠠᠨ ᠢᠶᠠᠷ ᠢᠶᠠᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ︔ ᠬᠤᠶᠠᠷ ᠲᠤ ᠠᠵᠢᠯ ᠤᠨ ᠠᠷᠭ᠎ᠠ ᠬᠡᠮᠵᠢᠶ᠎ᠡ ᠶᠢ ᠲᠠᠬᠢᠨ ᠨᠠᠷᠢᠯᠢᠭᠵᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠡᠭᠦᠷᠭᠡ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠶᠣᠰᠣᠭᠠᠷ ᠠᠵᠢᠯ ᠢᠶᠠᠨ ᠪᠠᠶᠢᠷᠢᠯᠠᠭᠤᠯᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠡᠯ᠎ᠡ ᠲᠠᠯ᠎ᠠ ᠶᠢᠨ ᠠᠵᠢᠯ ᠤᠨ ᠬᠥᠨᠳᠡᠯᠡᠨ ᠴᠢᠭᠯᠡᠯ ᠢᠶᠠᠷ ᠰᠣᠯᠪᠢᠴᠠᠬᠤ᠂ ᠨᠢᠭᠲᠠ ᠬᠤᠯᠪᠣᠯᠳᠤᠬᠤ ᠶᠢ ᠪᠠᠲᠤᠯᠠᠬᠤ ᠬᠡᠷᠡᠭᠲᠡᠢ︔ ᠭᠤᠷᠪᠠ ᠳᠤ᠂ ᠠᠵᠢᠯ ᠤᠨ ᠬᠠᠮᠲᠤᠷᠠᠯ ᠤᠨ ᠬᠦᠴᠦᠨ ᠢ ᠲᠠᠬᠢᠨ ᠨᠢᠭᠲᠠᠷᠠᠭᠤᠯᠵᠤ᠂ ᠡᠯ᠎ᠡ ᠲᠤᠰᠬᠠᠢ ᠲᠦᠷᠦᠯ ᠤᠨ ᠠᠵᠢᠯ ᠤᠨ ᠬᠡᠯᠲᠡᠰ ᠤᠨ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠵᠣᠬᠢᠴᠠᠭᠤᠯᠭ᠎ᠠ᠂ ᠡᠯ᠎ᠡ ᠲᠤᠰᠬᠠᠢ ᠲᠦᠷᠦᠯ ᠤᠨ ᠰᠠᠯᠠᠭ᠎ᠠ ᠮᠥᠴᠢᠷ ᠤᠨ ᠬᠤᠭᠤᠷᠣᠨᠳᠣᠬᠢ ᠬᠥᠨᠳᠡᠯᠡᠨ ᠤ ᠵᠣᠬᠢᠴᠠᠭᠤᠯᠭ᠎ᠠ ᠶᠢ ᠲᠠᠰᠤᠷᠠᠯᠳᠡ ᠦᠭᠡᠢ ᠴᠢᠩᠭᠠᠳᠬᠠᠵᠤ᠂ ᠳᠡᠭᠡᠳᠦ ᠳᠣᠣᠷᠠᠳᠤ ᠱᠠᠲᠤᠨ ᠤ ᠵᠣᠬᠢᠴᠠᠭᠤᠯᠭ᠎ᠠ ᠶᠢ ᠰᠠᠶᠢᠲᠤᠷ ᠰᠢᠢᠳᠪᠦᠷᠢᠯᠡᠵᠦ᠂ ᠪᠡᠯᠡᠳᠬᠡᠯ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号