ᠴᠠᠭᠠᠰᠤᠨ ᠰᠢᠪᠠᠭᠤ ᠨᠢᠰᠬᠡᠬᠦ ᠳᠤ ᠶᠠᠭᠤ ᠶᠢ ᠠᠩᠬᠠᠷᠬᠤ ᠬᠡᠷᠡᠭᠳᠡᠢ ᠪᠣᠶ︖
ᠨᠡᠶᠢᠲᠡᠯᠡᠭᠰᠡᠨ ᠴᠠᠭ᠄
2023/4/7
    ᠬᠠᠪᠤᠷ ᠤᠨ ᠤᠷᠢᠨ ᠲᠤᠯᠠᠭᠠᠨ ᠴᠠᠭ ᠪᠤᠯᠵᠦ ᠴᠠᠭᠠᠰᠤᠨ ᠰᠢᠪᠠᠭᠤ ᠨᠢᠰᠬᠡᠬᠦ ᠬᠦᠮᠦᠰ ᠤᠯᠠᠰᠢᠷᠠᠵᠦ ᠡᠬᠢᠯᠡᠪᠡ᠃ ᠣᠶᠢᠷ᠎ᠠ ᠶᠢᠨ ᠵᠢᠯ ᠤᠳ ᠲᠤ ᠴᠠᠭᠠᠰᠤᠨ ᠰᠢᠪᠠᠭᠤᠨ ᠨᠢᠰᠬᠡᠭᠰᠡᠨ ᠠᠴᠠ ᠪᠤᠯᠵᠦ᠂ ᠬᠥᠮᠥᠨ ᠰᠢᠷᠠᠭᠳᠤᠭᠰᠠᠨ ᠶᠠᠪᠤᠳᠠᠯ ᠦᠷᠭᠦᠯᠵᠢ ᠭᠠᠷᠴᠤ ᠪᠠᠶᠢᠭ᠎ᠠ ᠨᠢ ᠠᠩᠬᠠᠷᠬᠤ ᠴᠢᠬᠤᠯᠠᠳᠠᠢ ᠠᠰᠠᠭᠤᠳᠠᠯ ᠪᠤᠯᠵᠦ ᠪᠠᠶᠢᠨ᠎ᠡ᠃     ᠣᠳᠣᠬᠠᠨ ᠳᠤ ᠵᠠᠬ᠎ᠠ ᠳᠡᠯᠭᠡᠭᠦᠷ ᠲᠡᠭᠡᠷ᠎ᠡ ᠬᠤᠳᠠᠯᠳᠤᠵᠦ ᠪᠠᠶᠢᠭ᠎ᠠ ᠴᠠᠭᠠᠰᠤᠨ ᠰᠢᠪᠠᠭᠤᠨ ᠤ ᠤᠲᠠᠰᠤ ᠶᠢ ᠨᠠᠷᠢᠨ ᠨᠢᠯᠦᠨ᠂ ᠰᠢᠯ ᠤᠲᠠᠰᠤ᠂ ᠰᠦᠯᠢᠶᠥᠦ ᠤᠲᠠᠰᠤ ᠵᠡᠷᠭᠡ ᠮᠠᠲ᠋ᠧᠷᠢᠶᠠᠯ ᠢᠶᠠᠷ ᠬᠢᠵᠦ᠂ ᠤᠶᠠᠨ ᠬᠠᠲᠠᠨ ᠴᠢᠨᠠᠷ ᠢᠶᠠᠷ ᠰᠠᠶᠢᠨ᠂ ᠠᠮᠠᠷᠬᠠᠨ ᠲᠠᠰᠤᠷᠠᠬᠤ ᠦᠭᠡᠢ ᠪᠠᠶᠢᠳᠠᠭ᠃ ᠴᠠᠭᠠᠰᠤᠨ ᠰᠢᠪᠠᠭᠤ ᠨᠢᠰᠭᠡᠭᠰᠡᠨ ᠤ ᠲᠠᠷᠠᠭ᠎ᠠ ᠤᠲᠠᠰᠤ ᠨᠢ ᠴᠢᠩᠭᠠᠷᠠᠬᠤ ᠦᠶ᠎ᠡ ᠳᠤ ᠣᠨᠴᠠᠭᠠᠶ ᠬᠤᠷᠴᠠ ᠪᠣᠯᠳᠠᠭ ᠲᠤᠯᠠ ᠬᠡᠷᠪᠡ ᠶᠡᠭᠡ ᠰᠠᠯᠬᠢᠨ ᠲᠠᠢ ᠡᠳᠦᠷ ᠲᠣᠬᠢᠶᠠᠯᠳᠤᠪᠠᠯ᠂ ᠴᠢᠩᠭᠠᠯᠠᠭᠰᠠᠨ ᠴᠠᠭᠠᠰᠤᠨ ᠰᠢᠪᠠᠭᠤᠨ ᠤ ᠤᠲᠠᠰᠤ ᠨᠢ ᠬᠢᠴᠢᠶᠡᠮᠵᠢ ᠦᠭᠡᠢ ᠪᠠᠷ ᠬᠥᠮᠥᠨ ᠤ ᠬᠤᠷᠤᠭᠤ᠂ ᠭᠡᠳᠡᠰᠦ᠂ ᠬᠦᠵᠦᠬᠦᠦ ᠶᠢ ᠰᠢᠷᠬᠠᠲᠤᠭᠤᠯᠳᠠᠭ ᠶᠤᠮ᠃ ᠰᠢᠷᠬ᠎ᠠ ᠨᠢ ᠶᠡᠷᠦ ᠳᠡᠭᠡᠨ ᠨᠠᠷᠢᠨ ᠮᠥᠷᠲᠡᠭᠡᠨ ᠭᠦᠨ ᠲᠤᠯᠠ ᠴᠠᠭ ᠲᠤᠬᠠᠢ ᠳᠤᠨᠢ ᠴᠢᠰᠤ ᠶᠢ ᠨᠢ ᠵᠣᠭᠰᠣᠭᠠᠵᠤ ᠪᠣᠭᠤᠵᠤ᠂ ᠬᠠᠯᠳᠠᠪᠤᠷᠢᠯᠠᠯ ᠡᠭᠦᠰᠬᠦ ᠠᠴᠠ ᠰᠡᠷᠭᠡᠶᠢᠯᠡᠬᠦ ᠬᠡᠷᠡᠭᠲᠡᠢ᠃ ᠬᠡᠷᠪᠡ ᠪᠣᠭᠤᠮᠢᠯᠠᠬᠤ ᠳᠤ ᠬᠦᠷᠪᠡᠯ ᠤᠷᠢᠳᠡᠪᠡᠷ ᠬᠦᠵᠦᠭᠦᠦ ᠶᠢ ᠤᠷᠢᠶᠠᠭᠰᠠᠨ ᠨᠠᠷᠢᠨ ᠤᠲᠠᠰᠤ ᠶᠢ ᠲᠠᠶᠢᠯᠠᠬᠤ ᠬᠡᠷᠡᠭᠳᠡᠢ᠃     ᠡᠭᠦᠨ ᠠᠴᠠ ᠭᠠᠳᠠᠨ᠎ᠠ᠂ ︽ᠴᠠᠬᠢᠯᠭᠠᠨ ᠬᠦᠴᠦᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ᠂ ᠥᠨᠳᠥᠷ ᠬᠦᠴᠦᠳᠡᠯᠲᠦ ᠴᠠᠬᠢᠯᠭᠠᠨ ᠤᠲᠠᠰᠤᠨ ᠤ ᠬᠤᠶᠠᠷ ᠲᠠᠯ᠎ᠠ ᠶᠢᠨ 300 ᠮᠧᠲᠷ ᠤᠨ ᠣᠷᠣᠨ ᠳᠤ ᠴᠠᠭᠠᠰᠤᠨ ᠰᠢᠪᠠᠭᠤ ᠨᠢᠰᠬᠡᠬᠦ ᠶᠢ ᠴᠢᠩᠭ᠎ᠠ ᠴᠠᠭᠠᠵᠠᠯᠠᠨ᠎ᠠ᠂ ᠦᠶᠯᠡ ᠠᠵᠢᠯᠯᠠᠭ᠎ᠠ ᠨᠢ ᠬᠦᠨᠳᠦ ᠨᠣᠴᠢᠲᠠᠢ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠭᠡᠵᠦ ᠲᠣᠳᠣᠷᠬᠠᠢ ᠲᠣᠭᠲᠠᠭᠠᠵᠠᠢ᠃     ᠴᠠᠭᠠᠰᠤᠨ ᠰᠢᠪᠠᠭᠤ ᠨᠢᠰᠬᠡᠬᠦ ᠳᠡᠭᠡᠨ ᠠᠯᠢ ᠴᠢᠳᠠᠬᠤ ᠪᠠᠷ ᠲᠡᠭᠰᠢᠬᠡᠨ᠂ ᠥᠷᠭᠡᠨ ᠠᠭᠤᠳᠠᠮ ᠭᠠᠵᠠᠷ ᠢ ᠰᠣᠩᠭᠤᠵᠤ᠂ ᠬᠥᠮᠥᠨ ᠣᠯᠠᠨ ᠭᠠᠵᠠᠷ ᠲᠤ ᠲᠠᠯᠪᠢᠵᠤ ᠪᠣᠯᠬᠤ ᠦᠭᠡᠢ᠂ ᠨᠠᠩ ᠴᠤ ᠴᠠᠭᠠᠰᠤᠨ ᠰᠢᠪᠠᠭᠤ ᠶᠢ ᠵᠠᠮ ᠬᠥᠨᠳᠡᠯᠡᠨ ᠭᠡᠳᠦᠯᠭᠡᠵᠦ ᠪᠣᠯᠬᠤ ᠦᠭᠡᠢ︔      ᠪᠠᠭᠠᠴᠤᠳ ᠬᠡᠦᠬᠡᠳ ᠴᠠᠭᠠᠰᠤᠨ ᠰᠢᠪᠠᠭᠤ ᠨᠢᠰᠬᠡᠬᠦ ᠳᠡᠭᠡᠨ ᠪᠢᠴᠢᠬᠠᠨ ᠴᠠᠭᠠᠰᠤᠨ ᠰᠢᠪᠠᠭᠤ ᠶᠢ ᠰᠣᠩᠭᠤᠬᠤ ᠪᠠ ᠬᠦᠪᠦᠩ ᠤᠳᠠᠰᠦ ᠲᠠᠢ ᠴᠠᠭᠠᠰᠤᠨ ᠰᠢᠪᠠᠭᠤᠨ ᠨᠢᠰᠭᠡᠪᠡᠯ ᠵᠤᠬᠢᠨ᠎ᠡ᠃ ᠴᠠᠭᠠᠰᠤᠨ ᠰᠢᠪᠠᠭᠤ ᠨᠢᠰᠬᠡᠬᠦ ᠳᠡᠭᠡᠨ ᠪᠡᠭᠡᠯᠡᠢ ᠪᠠᠨ ᠵᠡᠭᠦᠪᠡᠯ ᠬᠠᠮᠤᠭ ᠰᠠᠶᠢᠨ᠂ ᠶᠡᠭᠡ ᠰᠠᠯᠬᠢ ᠪᠤᠶᠤ ᠴᠠᠭᠠᠰᠤᠨ ᠰᠢᠪᠠᠭᠤ ᠣᠷᠢᠶᠠᠭᠳᠠᠬᠤ ᠦᠶ᠎ᠡ ᠳᠤ ᠡᠷᠲᠡᠬᠡᠨ ᠭᠠᠷ ᠢᠶᠠᠨ ᠲᠠᠯᠪᠢᠵᠤ᠂ ᠭᠠᠷ ᠢᠶᠠᠨ ᠰᠢᠷᠬᠠᠲᠤᠭᠤᠯᠬᠤ ᠠᠴᠠ ᠰᠡᠷᠭᠡᠶᠢᠯᠡᠨ᠎ᠡ᠃     ᠢᠯᠡ ᠲᠣᠳᠣ ᠥᠩᠭᠡ ᠲᠠᠢ ᠴᠠᠭᠠᠰᠤᠨ ᠰᠢᠪᠠᠭᠤᠨ ᠤ ᠤᠳᠠᠰᠤ ᠪᠤᠶᠤ ᠤᠳᠠᠰᠤᠨ ᠲᠡᠭᠡᠷ᠎ᠡ ᠪᠠᠨ ᠲᠡᠮᠳᠡᠭ ᠤᠶᠠᠵᠦ᠂ ᠪᠤᠰᠤᠳ ᠤᠨ ᠠᠩᠬᠠᠷᠤᠯ ᠢ ᠢᠯᠡᠭᠦᠬᠡᠨ ᠲᠠᠲᠠᠬᠤ ᠶᠢ ᠰᠠᠨᠠᠭᠤᠯᠤᠨ᠎ᠠ᠃      ᠶᠠᠪᠠᠭᠠᠨ ᠬᠦᠮᠦᠨ ᠪᠠ ᠲᠤᠭᠤᠢ ᠤᠨᠤᠵᠦ ᠪᠠᠶᠢᠭ᠎ᠠ ᠬᠦᠮᠦᠨ᠂ ᠣᠶᠢᠷ᠎ᠠ ᠬᠠᠪᠢ ᠳᠤ ᠴᠠᠭᠠᠰᠤᠨ ᠰᠢᠪᠠᠭᠤ ᠨᠢᠰᠬᠡᠵᠦ ᠪᠠᠶᠢᠬᠤ ᠶᠢ ᠣᠯᠵᠤ ᠬᠠᠷᠠᠪᠠᠯ᠂ ᠠᠯᠢ ᠴᠢᠳᠠᠬᠤ ᠪᠠᠷ ᠠᠯᠭᠤᠷ ᠠᠭᠠᠵᠢᠮ ᠢᠶᠠᠷ ᠶᠠᠪᠤᠵᠤ᠂ ᠣᠷᠴᠢᠨ ᠲᠣᠭᠤᠷᠢᠨ ᠢ ᠨᠢ ᠠᠩᠬᠠᠷᠤᠨ ᠠᠵᠢᠭᠯᠠᠬᠤ ᠬᠡᠷᠡᠭᠲᠡᠢ᠃     ᠴᠠᠬᠢᠯᠭᠠᠨ ᠤᠲᠠᠰᠤᠨ ᠤ ᠣᠶᠢᠷᠠᠯᠴᠠᠭ᠎ᠠ ᠴᠠᠭᠠᠰᠤᠨ ᠰᠢᠪᠠᠭᠤ ᠨᠢᠰᠭᠡᠵᠦ ᠪᠤᠯᠬᠤ ᠦᠭᠡᠢ᠂ ᠬᠡᠷᠪᠡ ᠴᠠᠬᠢᠯᠭᠠᠨ ᠤᠲᠠᠰᠤ ᠶᠢ ᠣᠷᠢᠶᠠᠪᠠᠯ᠂ ᠴᠠᠬᠢᠯᠭᠠᠨ ᠤᠲᠠᠰᠤᠨ ᠤ ᠪᠠᠭᠠᠨ᠎ᠠ ᠳᠤ ᠠᠪᠠᠷᠢᠨ ᠠᠪᠴᠤ ᠪᠣᠯᠬᠤ ᠦᠭᠡᠢ᠂ ᠴᠠᠭ ᠲᠤᠬᠠᠢ  ᠳᠤᠨᠢ ᠴᠠᠭᠳᠠᠭ᠎ᠠ ᠳᠤ ᠮᠡᠳᠡᠭᠦᠯᠵᠦ᠂ ᠲᠤᠰᠬᠠᠢ ᠮᠡᠷᠭᠡᠵᠢᠯ ᠤᠨ ᠠᠵᠢᠯᠲᠠᠨ ᠢᠶᠠᠷ ᠣᠭᠲᠣᠯᠣᠭᠤᠯᠵᠤ᠂ ᠠᠮᠤᠷ ᠲᠦᠪᠰᠢᠨ ᠢ ᠪᠠᠲᠤᠯᠠᠬᠤ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号