ᠥᠪᠥᠷ ᠮᠣᠩᠭᠤᠯ ᠤᠨ ᠠᠩᠭᠢ ᠪᠥᠬᠦ ᠤᠯᠤᠰ ᠤᠨ ᠡᠮᠡᠭᠲᠡᠢ ᠵᠠᠯᠠᠭᠤᠴᠤᠳ ᠤᠨ ᠵᠢᠣᠳᠣᠣ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠨᠢᠭᠡ ᠮᠥᠩᠭᠦᠨ ᠮᠧᠳᠠᠯ ᠨᠢᠭᠡ ᠬᠦᠷᠡᠯ ᠮᠧᠳᠠᠯ ᠣᠯᠪᠠ
ᠨᠡᠶᠢᠲᠡᠯᠡᠭᠰᠡᠨ ᠴᠠᠭ᠄
2023/5/15
    5 ᠰᠠᠷ᠎ᠠ ᠶᠢᠨ 10 ︱ 13 ᠤ ᠡᠳᠦᠷ᠂ 2023 ᠣᠨ ᠤ ᠪᠥᠬᠦ ᠤᠯᠤᠰ ᠤᠨ ᠡᠮᠡᠭᠲᠡᠢ ᠵᠠᠯᠠᠭᠤᠴᠤᠳ ᠤᠨ ᠵᠢᠣᠳᠣᠣ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠲᠢᠶᠠᠨᠵᠢᠨ ᠬᠤᠲᠠ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠪᠠ᠃ ᠤᠷᠤᠯᠳᠤᠭᠠᠨ ᠳᠤ U18᠂ U20 ᠬᠤᠶᠠᠷ ᠳᠤᠭᠤᠶᠢᠯᠠᠩ ᠬᠤᠪᠢᠶᠠᠵᠤ᠂ 14 ᠳᠡᠰ ᠲᠣᠬᠢᠷᠠᠭᠤᠯᠵᠤ᠂ ᠪᠦᠬᠦ ᠤᠯᠤᠰ ᠤᠨ 36 ᠠᠩᠭᠢ ᠶᠢᠨ 400 ᠭᠠᠷᠤᠢ ᠲᠠᠮᠢᠷᠴᠢᠨ ᠣᠷᠣᠯᠴᠠᠵᠠᠢ᠃     ᠬᠦᠨᠳᠦ ᠦᠷᠢᠰᠦᠯᠳᠦᠭᠡᠨᠳᠦ ᠪᠡᠶ᠎ᠡ ᠶᠢᠨ ᠲᠠᠮᠢᠷ ᠤᠨ ᠲᠥᠪ 14 ᠲᠠᠮᠢᠷᠴᠢᠨ ᠲᠤᠮᠢᠯᠠᠨ᠂ U18᠂ U20 ᠬᠤᠶᠠᠷ ᠳᠤᠭᠤᠶᠢᠯᠠᠩ ᠤᠨ 9 ᠳᠡᠰ ᠤᠨ ᠤᠷᠤᠯᠳᠤᠭᠠᠨ ᠳᠤ ᠤᠷᠤᠯᠴᠠᠭᠤᠯᠤᠨ᠂ ᠨᠢᠭᠡ ᠮᠥᠩᠭᠦ‍ ᠨᠢᠭᠡ ᠬᠦᠷᠡᠯ ᠬᠦᠷᠳᠡᠵᠦ᠂ ᠬᠤᠶᠠᠷ ᠲᠠᠮᠢᠷᠴᠢᠨ ᠲᠠᠪᠤᠳᠤᠭᠠᠷ ᠲᠤ ᠣᠷᠣᠵᠠᠢ᠃ ᠡᠭᠦᠨ ᠳᠤ U20 ᠳᠤᠭᠤᠶᠢᠯᠠᠩ ᠤᠨ — 57 ᠺᠢᠯᠣᠭ᠍ᠷᠠᠮ ᠤᠨ ᠲᠠᠰ ᠤᠨ ᠤᠷᠤᠯᠳᠤᠭᠠᠨ ᠳᠤ ᠵᠧᠦ ᠵᠢᠶᠠ ᠲᠡᠳ᠋ᠯᠡᠵᠦ᠂ ᠮᠧᠩ ᠰᠢᠶᠠᠩ ᠲᠢᠩ ᠭᠤᠷᠪᠠᠳᠤᠭᠠᠷ ᠲᠤ ᠣᠷᠣᠵᠤ᠂ ᠰᠥᠩ ᠰᠧ ᠢᠦᠢ ᠲᠠᠪᠤᠳᠤᠭᠠᠷ ᠲᠤ ᠣᠷᠣᠪᠠ︔ — 70 ᠺᠢᠯᠣᠭ᠍ᠷᠠᠮ ᠤᠨ ᠳᠡᠰ ᠤᠨ ᠤᠷᠤᠯᠳᠤᠭᠠᠨ ᠳᠤ ᠦᠵᠡᠮᠵᠢ ᠲᠠᠪᠤᠳᠤᠭᠠᠷ ᠲᠤ ᠣᠷᠣᠵᠠᠢ᠃ ᠲᠣᠰ ᠤᠳᠠᠭᠠᠨ ᠤ ᠤᠷᠤᠯᠳᠤᠭᠠᠨ ᠤ ᠬᠢᠷᠢ ᠪᠦᠲᠦᠮᠵᠢ ᠶᠢ ᠲᠠᠮᠢᠷᠴᠢᠳ ᠤᠨ ᠬᠤᠪᠢ ᠬᠥᠮᠥᠨ ᠤ ᠪᠥᠬᠦ ᠤᠯᠤᠰ ᠤᠨ ᠬᠤᠪᠢ ᠬᠤᠷᠠᠮᠳᠤᠭᠤᠯᠬᠤ ᠨᠡᠷᠡᠰ ᠤᠨ ᠵᠢᠭᠰᠠᠭᠠᠯᠲᠠ ᠳᠤ ᠪᠤᠳᠤᠵᠤ ᠣᠷᠣᠭᠤᠯᠬᠤ ᠶᠢᠨ ᠬᠠᠮᠲᠤ ᠤᠯᠤᠰ ᠤᠨ ᠠᠩᠭᠢ ᠶᠢᠨ ᠲᠠᠮᠢᠷᠴᠢᠨ ᠰᠣᠩᠭᠤᠬᠤ ᠴᠢᠬᠤᠯᠠ ᠨᠥᠬᠦᠴᠡᠯ ᠪᠣᠯᠭᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号