| 5 ᠰᠠᠷ᠎ᠠ ᠶᠢᠨ 10 ᠤ ᠡᠳᠦᠷ ᠠᠴᠠ 12 ᠤᠨ ᠡᠳᠦᠷ ᠪᠣᠯᠲᠠᠯ᠎ᠠ᠂ ᠳᠤᠮᠳᠠᠳᠤ ᠤᠯᠤᠰ ᠤᠨ ᠣᠶᠤᠲᠠᠳ ᠤᠨ | ᠵᠢᠣᠳᠣᠣ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠴᠢ 31 ᠳ᠋ᠤᠭᠡᠷ ᠬᠤᠭᠤᠴᠠᠭᠠᠨ ᠤ ᠳᠡᠯᠡᠬᠡᠢ ᠶᠢᠨ | ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠵᠢᠣᠳᠣᠣ ᠶᠢᠨ ᠤᠷᠤᠯᠳᠤᠭᠠᠨ ᠤ ᠰᠢᠯᠭᠠᠷᠠᠭᠤᠯᠬᠤ | ᠤᠷᠤᠯᠳᠤᠭᠠᠨ ᠾᠧᠪᠧᠢ ᠮᠤᠵᠢ ᠶᠢᠨ ᠴᠢᠶᠠᠨ ᠠᠨ ᠬᠤᠲᠠ ᠳᠤ ᠶᠠᠪᠤᠭᠳᠠᠵᠤ᠂ ᠪᠦᠬᠦ ᠤᠯᠤᠰ ᠤᠨ 44 ᠶᠡᠭᠡ ᠳᠡᠭᠡᠳᠦ | ᠰᠤᠷᠭᠠᠭᠤᠯᠢ ᠶᠢᠨ 360 ᠭᠠᠷᠤᠢ ᠲᠠᠮᠢᠷᠴᠢᠨ ᠤᠷᠤᠯᠳᠤᠭᠠᠨ ᠳᠤ ᠣᠷᠣᠯᠴᠠᠵᠠᠢ᠃ ᠤᠷᠤᠯᠳᠤᠭᠠᠨ ᠢ ᠬᠥᠬᠡ᠂ | ᠬᠥᠬᠡᠭᠴᠢᠨ᠂ ᠤᠯᠠᠭᠠᠨ᠂ ᠤᠯᠠᠭᠠᠭᠴᠢᠨ ᠭᠡᠵᠦ ᠳᠥᠷᠪᠡᠨ ᠲᠤᠭᠤᠶᠢᠯᠠᠩ ᠬᠤᠪᠢᠶᠠᠵᠤ᠂ ᠳᠤᠭᠤᠶᠢᠯᠠᠩ ᠪᠦᠷᠢ ᠳᠤ | ᠡᠷᠡᠭᠲᠡᠢ ᠡᠮᠡᠭᠲᠡᠢ ᠬᠤᠪᠢ ᠬᠥᠮᠥᠨ ᠤ 7 ᠳᠡᠰ ᠤᠨ ᠤᠷᠤᠯᠳᠤᠭᠠᠨ ᠲᠤᠬᠢᠷᠠᠭᠤᠯᠪᠠ᠃ ᠤᠯᠠᠭᠠᠭᠴᠢᠨ | ᠳᠤᠭᠤᠶᠢᠯᠠᠩ ᠤᠨ ᠡᠯ᠎ᠡ ᠳᠡᠰ ᠤᠨ ᠮᠠᠩᠯᠠᠢ ᠳᠤᠮᠳᠠᠳᠤ ᠤᠯᠤᠰ ᠤᠨ ᠠᠩᠭᠢ ᠶᠢ ᠲᠥᠯᠥᠭᠡᠯᠡᠨ 31 ᠳ᠋ᠤᠭᠡᠷ | ᠬᠤᠭᠤᠴᠠᠭᠠᠨ ᠤ ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ ᠴᠤᠭᠯᠠᠭᠠᠨ ᠳᠤ ᠤᠷᠤᠯᠴᠠᠬᠤ | ᠪᠤᠯᠤᠨ᠎ᠡ᠃ | ᠬᠦᠨᠳᠦ ᠦᠷᠢᠰᠦᠯᠳᠦᠭᠡᠨᠳᠦ ᠪᠡᠶ᠎ᠡ ᠶᠢᠨ ᠲᠠᠮᠢᠷ ᠤᠨ ᠲᠥᠪ ᠤᠨ 8 ᠲᠠᠮᠢᠷᠴᠢᠨ ᠲᠤᠰ ᠲᠤᠰ ᠤᠨ ᠪᠠᠶᠢᠭ᠎ᠠ | ᠳᠡᠭᠡᠳᠦ ᠰᠤᠷᠭᠠᠭᠤᠯᠢ ᠪᠠᠨ ᠲᠥᠯᠥᠭᠡᠯᠡᠨ᠂ ᠤᠯᠠᠭᠠᠭᠴᠢᠨ ᠳᠤᠭᠤᠶᠢᠯᠠᠩ ᠤᠨ — 66 ᠺᠢᠯᠣᠭ᠍ᠷᠠᠮ᠂ — 81 | ᠺᠢᠯᠣᠭ᠍ᠷᠠᠮ ᠪᠠ — 90 ᠺᠢᠯᠣᠭ᠍ᠷᠠᠮ ᠤᠨ ᠭᠤᠷᠪᠠᠨ ᠳᠡᠰ ᠤᠨ ᠤᠷᠤᠯᠳᠤᠭᠠᠨ ᠳᠤ ᠣᠷᠣᠯᠴᠠᠵᠤ᠂ ᠬᠤᠶᠠᠷ ᠠᠯᠲᠠᠨ | ᠮᠧᠳᠠᠯ᠂ ᠬᠤᠶᠠᠷ ᠮᠥᠩᠭᠦᠨ ᠮᠧᠳᠠᠯ᠂ 3 ᠬᠦᠷᠡᠯ ᠮᠧᠳᠡᠯ ᠬᠦᠷᠳᠡᠵᠦ᠂ ᠨᠢᠭᠡ ᠲᠠᠮᠢᠷᠴᠢᠨ ᠲᠠᠪᠤᠳᠤᠭᠠᠷ ᠲᠤ ᠣᠷᠣᠵᠠᠢ᠃ | ᠡᠭᠦᠨ ᠳᠤ᠂ ᠤᠬᠠᠭᠠᠨᠳᠦ — 81 ᠺᠢᠯᠣᠭ᠍ᠷᠠᠮ ᠤᠨ ᠲᠠᠰ ᠤᠨ ᠮᠠᠩᠯᠠᠢ᠂ ᠪᠦᠬᠡᠪᠢᠯᠢᠭ — 90 ᠺᠢᠯᠣᠭ᠍ᠷᠠᠮ ᠤᠨ | ᠲᠠᠰ ᠤᠨ ᠮᠠᠩᠯᠠᠢ ᠳᠤ ᠰᠢᠯᠭᠠᠷᠠᠵᠠᠢ︔ ᠰᠢᠳᠤᠷᠭᠤ — 66 ᠺᠢᠯᠣᠭ᠍ᠷᠠᠮ ᠤᠨ ᠳᠡᠰ ᠤᠨ ᠳᠡᠳ᠋᠂ ᠨᠠᠴᠢᠨ — 81 | ᠺᠢᠯᠣᠭ᠍ᠷᠠᠮ ᠤᠨ ᠳᠡᠳ᠋ ᠲᠤ ᠣᠷᠣᠪᠠ︔ ᠪᠠᠶᠠᠰᠬᠤᠯᠠᠩ᠂ ᠪᠠᠶᠠᠨᠳᠡᠯᠡᠬᠡᠢ — 81 ᠺᠢᠯᠣᠭ᠍ᠷᠠᠮ ᠤᠨ ᠳᠡᠰ ᠤᠨ | ᠭᠤᠷᠪᠠᠳᠤᠭᠠᠷ᠂ ᠮᠦᠩᠭᠦᠨᠰᠠᠩ — 90 ᠺᠢᠯᠣᠭ᠍ᠷᠠᠮ ᠤᠨ ᠳᠡᠰ ᠤᠨ ᠭᠤᠷᠪᠠᠳᠤᠭᠠᠷ ᠤᠷᠤᠪᠠ︔ ᠠᠯᠤᠰ — 90 | ᠺᠢᠯᠣᠭ᠍ᠷᠠᠮ ᠤᠨ ᠳᠡᠰ ᠤᠨ ᠲᠠᠪᠤᠳᠤᠭᠠᠷ ᠲᠤ ᠤᠷᠤᠪᠠ᠃ |