ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠦᠮᠡᠨᠴᠢ ᠤᠷᠤᠯᠳᠤᠭᠠᠨ ᠤ ᠥᠲᠥᠨ ᠪᠥᠮᠪᠦᠭᠡ ᠶᠢᠨ ᠤᠷᠤᠯᠳᠤᠭᠠᠨ ᠦᠨᠳᠦᠷᠯᠡᠪᠡ
ᠨᠡᠶᠢᠲᠡᠯᠡᠭᠰᠡᠨ ᠴᠠᠭ᠄
2023/5/17
   5 ᠰᠠᠷ᠎ᠠ ᠶᠢᠨ 16 ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠤᠷᠤᠯᠳᠤᠭᠠᠨ ᠤ ᠥᠲᠥᠨ ᠪᠥᠮᠪᠦᠭᠡ ᠶᠢᠨ ᠤᠷᠤᠯᠳᠤᠭᠠᠨ ᠪᠤᠭᠤᠲᠤ ᠬᠤᠲᠠ ᠳᠤ ᠦᠨᠳᠦᠷᠯᠡᠪᠡ᠃
    ᠪᠦᠬᠦ ᠣᠷᠣᠨ ᠤ 12 ᠲᠥᠯᠥᠭᠡᠯᠡᠭᠴᠢᠳ ᠤᠨ ᠠᠩᠭᠢ ᠶᠢᠨ 230 ᠬᠥᠮᠥᠨ ᠤᠷᠤᠯᠳᠤᠭᠠᠨ ᠳᠤ ᠣᠷᠣᠯᠴᠠᠵᠤ᠂ 4 ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ᠂ ᠪᠤᠭᠤᠲᠤ ᠬᠤᠳᠠ ᠶᠢᠨ ᠲᠥᠯᠥᠭᠡᠯᠡᠭᠴᠢᠳ ᠤᠨ ᠠᠩᠭᠢ ᠡᠷᠡᠭᠳᠡᠢ ᠡᠮᠡᠭᠳᠡᠢ ᠶᠢᠨ ᠪᠦᠯᠬᠦᠮ ᠤᠨ ᠤᠷᠤᠯᠳᠤᠭᠠᠨ ᠳᠤ ᠮᠠᠩᠯᠠᠶᠢᠯᠠᠵᠤ᠂ ᠬᠥᠬᠡᠬᠤᠲᠠ ᠶᠢᠨ ᠲᠥᠯᠥᠭᠡᠯᠡᠭᠴᠢᠳ ᠤᠨ ᠠᠩᠭᠢ ᠲᠤᠰ ᠲᠤᠰ A ᠳᠤᠭᠤᠶᠢᠯᠠᠩ ᠤᠨ ᠡᠷᠡᠭᠲᠡᠢ ᠶᠢᠨ ᠬᠤᠤᠰᠯᠠᠨ ᠴᠤᠬᠢᠬᠤ᠂  ᠡᠮᠡᠭᠲᠡᠢ ᠶᠢᠨ ᠬᠤᠣᠰᠯᠠᠨ ᠴᠣᠬᠢᠬᠤ ᠤᠷᠤᠯᠳᠤᠭᠠᠨ ᠳᠤ ᠮᠠᠩᠯᠠᠶᠢᠯᠠᠵᠤ᠂ ᠪᠤᠭᠤᠲᠤ ᠬᠤᠳᠠ ᠶᠢᠨ ᠲᠥᠯᠥᠭᠡᠯᠡᠭᠴᠢᠳ ᠤᠨ ᠠᠩᠭᠢ A ᠳᠤᠭᠤᠶᠢᠯᠠᠩ ᠤᠨ ᠡᠷᠡᠭᠳᠡᠢ ᠡᠮᠡᠭᠳᠡᠢ ᠶᠢᠨ ᠬᠤᠣᠰᠯᠠᠨ ᠴᠣᠬᠢᠬᠤ ᠤᠷᠤᠯᠳᠤᠭᠠᠨ ᠳᠤ ᠮᠠᠩᠯᠠᠶᠢᠯᠠᠵᠤ᠂ ᠦᠬᠠᠢ ᠬᠤᠳᠠ ᠶᠢᠨ ᠲᠥᠯᠥᠭᠡᠯᠡᠭᠴᠢᠳ ᠤᠨ ᠠᠩᠭᠢ B ᠳᠤᠭᠤᠶᠢᠯᠠᠩ ᠤᠨ ᠡᠷᠡᠭᠳᠡᠢ ᠡᠮᠡᠭᠳᠡᠢ ᠶᠢᠨ ᠬᠤᠣᠰᠯᠠᠨ ᠴᠣᠬᠢᠬᠤ ᠤᠷᠤᠯᠳᠤᠭᠠᠨ ᠳᠤ ᠮᠠᠩᠯᠠᠶᠢᠯᠠᠵᠤ᠂ ᠬᠥᠯᠥᠨ ᠪᠤᠶᠢᠷ ᠬᠤᠳᠠ ᠶᠢᠨ ᠲᠥᠯᠥᠭᠡᠯᠡᠭᠴᠢᠳ ᠤᠨ ᠠᠩᠭᠢ B ᠳᠤᠭᠤᠶᠢᠯᠠᠩ ᠤᠨ ᠡᠷᠡᠭᠲᠡᠢ ᠶᠢᠨ ᠬᠤᠣᠰᠯᠠᠨ ᠴᠣᠬᠢᠬᠤ ᠤᠷᠤᠯᠳᠤᠭᠠᠨ ᠳᠤ ᠮᠠᠩᠯᠠᠶᠢᠯᠠᠵᠤ᠂ ᠣᠷᠳᠣᠰ ᠬᠤᠳᠠ ᠶᠢᠨ ᠲᠥᠯᠥᠭᠡᠯᠡᠭᠴᠢᠳ ᠤᠨ ᠠᠩᠭᠢ B ᠳᠤᠭᠤᠶᠢᠯᠠᠩ ᠤᠨ ᠡᠮᠡᠭᠲᠡᠢ ᠶᠢᠨ ᠬᠤᠣᠰᠯᠠᠨ ᠴᠣᠬᠢᠬᠤ ᠤᠷᠤᠯᠳᠤᠭᠠᠨ ᠳᠤ ᠮᠠᠩᠯᠠᠶᠢᠯᠠᠪᠠ᠃
    ᠲᠣᠰ ᠤᠳᠠᠭᠠᠨ ᠤ ᠤᠷᠤᠯᠳᠤᠭᠠᠨ ᠪᠣᠯ ᠣᠷᠣᠨ ᠤ ᠬᠠᠮᠤᠭ ᠤᠨ ᠥᠨᠳᠥᠷ ᠲᠠᠰ ᠤᠨ ᠣᠯᠠᠨ ᠲᠦᠮᠡᠨᠴᠢ ᠥᠲᠥᠨ ᠪᠥᠮᠪᠦᠭᠡ ᠶᠢᠨ ᠤᠷᠤᠯᠳᠤᠭᠠᠨ ᠪᠠᠶᠢᠵᠤ᠂ ᠣᠯᠠᠨ ᠦᠵᠡᠭᠴᠢᠳ ᠤᠨ ᠠᠩᠬᠠᠷᠤᠯ ᠢ ᠲᠠᠲᠠᠵᠤ᠂ ᠣᠯᠠᠨ ᠲᠦᠮᠡᠨ ᠤ ᠪᠡᠶ᠎ᠡ ᠶᠢᠨ ᠲᠠᠮᠢᠷ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠥᠬᠦ ᠲᠠᠯ᠎ᠠ ᠶᠢᠨ ᠬᠥᠭᠵᠢᠯᠲᠡ ᠶᠢ ᠲᠦᠯᠬᠢᠨ ᠠᠬᠢᠭᠤᠯᠬᠤ᠂ ᠥᠲᠥᠨ ᠪᠥᠮᠪᠦᠭᠡ ᠶᠢᠨ ᠬᠦᠳᠡᠯᠭᠡᠭᠡᠨ ᠳᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠳᠤ ᠴᠥᠮ ᠮᠠᠰᠢ ᠰᠠᠶᠢᠨ ᠬᠥᠲᠥᠯᠥᠨ ᠳᠠᠭᠠᠭᠤᠯᠬᠤ ᠪᠠ ᠠᠬᠢᠭᠤᠯᠬᠤ ᠦᠢᠯᠡᠳᠦᠯ ᠲᠠᠢ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号