ᠮᠠᠷᠢᠶ᠎ᠡ ᠰᠢᠭᠤᠷᠠᠭᠤᠯᠬᠤ ᠪᠠ ᠲᠠᠮᠢᠷ ᠤᠨ ᠬᠦᠳᠡᠯᠭᠡᠭᠡᠨ
ᠨᠡᠶᠢᠲᠡᠯᠡᠭᠰᠡᠨ ᠴᠠᠭ᠄
2023/5/17
    ᠵᠠᠷᠢᠮ ᠦᠶ᠎ᠡ ᠨᠢ ᠮᠠᠷᠢᠶ᠎ᠡ ᠰᠢᠭᠤᠷᠠᠭᠤᠯᠬᠤ ᠶᠢᠨ ᠲᠦᠯᠦᠭᠡ ᠲᠠᠮᠢᠷ ᠤᠨ ᠬᠦᠳᠡᠯᠭᠡᠭᠡᠨ ᠢ ᠪᠠᠷᠢᠮᠳᠠᠯᠠᠨ ᠬᠢᠳᠡᠭ ᠪᠤᠯᠪᠠᠴᠦ ᠶᠠᠭᠠᠬᠢᠭᠠᠳ ᠲᠡᠮᠡᠢ ᠦᠷ᠎ᠡ ᠪᠦᠳᠦᠮᠵᠢ ᠦᠭᠡᠢ ᠪᠠᠶᠢᠳᠠᠭ ᠪᠤᠢ︖     1. ᠵᠤᠬᠢᠰᠳᠠᠢ ᠲᠠᠮᠢᠷ ᠤᠨ ᠬᠦᠳᠡᠯᠭᠡᠭᠡᠨ ᠬᠢᠬᠦ ᠶᠢᠨ ᠵᠡᠷᠭᠡᠪᠡᠷ ᠲᠤᠷ᠎ᠠ ᠪᠠᠷ ᠢᠶᠠᠨ ᠢᠳᠡᠵᠦ ᠤᠤᠭᠤᠳᠠᠭ ᠵᠠᠩᠰᠢᠯ  ᠢᠶᠠᠨ ᠪᠠᠰᠠ ᠬᠤᠪᠢᠷᠠᠭᠤᠯᠬᠤ ᠴᠢᠬᠤᠯᠠᠳᠠᠢ ᠪᠠᠶᠢᠳᠠᠭ᠃ ᠡᠷᠡᠬᠦᠯ ᠴᠢᠬᠢᠷᠠᠭ ᠪᠠᠶᠢᠬᠤ ᠳᠤ ᠰᠠᠭᠤᠷᠢᠯᠠᠭᠰᠠᠨ ᠢᠳᠡᠭᠡᠨ ᠤᠮᠳᠠᠭᠠᠨ ᠤ ᠵᠠᠩᠰᠢᠯ ᠪᠤᠯᠤᠨ ᠲᠤᠬᠢᠷᠠᠮᠵᠢᠳᠠᠢ ᠲᠠᠮᠢᠷ ᠤᠨ ᠬᠦᠳᠡᠯᠭᠡᠭᠡᠨ ᠢ ᠠᠮᠢᠳᠤᠷᠠᠯ ᠳᠠᠭᠠᠨ ᠠᠭᠤᠰᠬᠠᠪᠠᠯ ᠰᠠᠶ᠋ᠢ ᠮᠠᠷᠢᠶ᠎ᠡ ᠪᠠᠨ ᠰᠢᠭᠤᠷᠠᠭᠤᠯᠵᠦ ᠲᠠᠶᠢᠯᠦᠨ᠎ᠡ᠃     2. ᠲᠤᠭᠳᠠᠭᠰᠠᠨ ᠴᠠᠭ ᠲᠠᠭᠠᠨ ᠤᠨᠳᠠᠬᠤ ᠪᠠ ᠵᠢᠮ᠎ᠠ ᠶᠤᠰᠤ ᠲᠠᠢ ᠠᠮᠢᠳᠤᠷᠠᠯ ᠤᠨ ᠲᠠᠳᠬᠠᠯ ᠢ ᠪᠠᠷᠢᠮᠳᠠᠯᠠᠬᠤ ᠴᠢᠬᠤᠯᠠᠳᠠᠢ ᠪᠦᠬᠡᠳ ᠤᠷᠤᠢ ᠶᠢᠨ ᠤᠨᠳᠠᠯᠭ᠎ᠠ ᠶᠢᠨ ᠴᠠᠭ ᠬᠤᠶᠢᠰᠢᠯᠠᠬᠤ ᠪᠤᠶᠤ ᠰᠦᠨᠢ ᠪᠠᠷ ᠬᠤᠭᠤᠯᠠ ᠢᠳᠡᠬᠦ ᠠᠴᠠ ᠪᠤᠯᠤᠭᠰᠠᠨ ᠦᠭᠡᠬᠦ ᠬᠤᠷᠠᠮᠳᠤᠬᠤ ᠶᠢ ᠪᠠᠭᠠᠰᠬᠠᠬᠤ ᠬᠡᠷᠡᠭᠳᠡᠢ᠃     3. ᠵᠦᠪᠬᠡᠨ ᠦᠷᠭᠡᠰᠦᠳᠦ ᠬᠡᠮᠬᠡ᠂ ᠠᠯᠮᠤᠷᠠᠳ ᠢᠳᠡᠵᠦ ᠮᠠᠷᠢᠶ᠎ᠡ ᠰᠢᠭᠤᠷᠠᠭᠤᠯᠬᠤ ᠨᠢ ᠡᠷᠡᠬᠦᠯ ᠴᠢᠬᠢᠷᠠᠭ ᠲᠤ ᠨᠦᠯᠦᠭᠡ ᠲᠠᠢ ᠪᠦᠭᠡᠳ ᠤᠳᠠᠭᠠᠨ ᠳᠠᠭᠠᠨ ᠰᠢᠮ᠎ᠡ ᠲᠡᠵᠢᠭᠡᠯ ᠲᠤᠳᠠᠵᠦ᠂ ᠪᠤᠯᠴᠢᠩ ᠤᠨ ᠬᠡᠮᠵᠢᠶ᠎ᠡ ᠨᠢ ᠦᠬᠡᠬᠦ ᠠᠴᠠ ᠨᠡᠩ ᠢᠯᠡᠬᠦᠦ ᠪᠠᠭᠤᠷᠠᠬᠤ ᠪᠠᠶᠢᠳᠠᠯ ᠲᠠᠢ ᠪᠤᠯᠳᠠᠭ᠃
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号