2023 ᠣᠨ ᠤ ᠦᠬᠠᠢ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠠᠭᠰᠤᠨ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/5/18
    5 ᠰᠠᠷ᠎ᠠ ᠶᠢᠨ 16 ᠤ ᠡᠳᠦᠷ᠂ ᠦᠬᠠᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠣᠯᠣᠨ ᠦᠬᠠᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ 2023 ᠣᠨ ᠤ ᠦᠬᠠᠢ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠠᠭᠰᠤᠨ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠦᠬᠠᠢ ᠬᠤᠲᠠ ᠶᠢᠨ ᠪᠡᠶ᠎ᠡ ᠶᠢᠨ ᠲᠠᠮᠢᠷ ᠤᠨ ᠲᠥᠪ ᠲᠤ ᠡᠬᠢᠯᠡᠪᠡ᠂ ᠤᠷᠤᠯᠳᠤᠭᠠᠨ ᠨᠢ 6 ᠡᠳᠦᠷ ᠶᠠᠪᠤᠭᠳᠠᠵᠤ᠂ 5 ᠳᠤᠭᠤᠶᠢᠯᠠᠩ ᠲᠤᠬᠢᠷᠠᠭᠤᠯᠤᠨ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ 42 ᠲᠥᠯᠥᠭᠡᠯᠡᠭᠴᠢᠳ ᠤᠨ ᠠᠩᠭᠢ ᠶᠢᠨ 504 ᠲᠠᠮᠢᠷᠴᠢᠨ ᠤᠷᠤᠯᠳᠤᠭᠠᠨ ᠳᠤ ᠣᠷᠣᠯᠴᠠᠵᠠᠢ᠃ ᠲᠣᠰ ᠤᠳᠠᠭᠠᠨ ᠤ ᠤᠷᠤᠯᠳᠤᠭᠠᠨ ᠨᠢ ᠰᠠᠭᠰᠤᠨ ᠪᠥᠮᠪᠦᠭᠡ ᠶᠢᠨ ᠬᠥᠳᠡᠯᠭᠡᠭᠡᠨ ᠢ ᠳᠡᠯᠭᠡᠷᠡᠭᠦᠯᠵᠦ᠂ ᠪᠥᠬᠦ ᠬᠤᠲᠠ ᠶᠢᠨ ᠰᠠᠭᠰᠤᠨ ᠪᠥᠮᠪᠦᠭᠡ ᠶᠢᠨ ᠤᠷᠤᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠰᠠᠭᠰᠤᠨ ᠪᠥᠮᠪᠦᠭᠡ ᠶᠢᠨ ᠬᠥᠳᠡᠯᠭᠡᠭᠡᠨ ᠤ ᠰᠢᠯᠢᠳᠡᠭ ᠪᠡᠯᠡᠳᠬᠡᠯ ᠴᠢᠳᠠᠪᠤᠷᠢᠲᠠᠨ ᠢ ᠰᠣᠩᠭᠤᠨ ᠨᠥᠭᠡᠴᠡᠯᠡᠬᠦ ᠶᠢᠨ ᠲᠥᠯᠥᠭᠡ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号