ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠳᠤᠭᠤᠶᠢᠯᠠᠩ ᠤᠨ ᠲᠣᠣᠷ ᠪᠥᠮᠪᠦᠭᠡ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2023/5/22
    5 ᠰᠠᠷ᠎ᠠ ᠶᠢᠨ 18 ᠤ ᠡᠳᠦᠷ ᠠᠴᠠ 21 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠳᠤᠭᠤᠶᠢᠯᠠᠩ ᠤᠨ ᠲᠣᠣᠷ ᠪᠥᠮᠪᠦᠭᠡ ᠶᠢᠨ ᠤᠷᠤᠯᠳᠤᠭᠠᠨ ᠬᠥᠬᠡᠬᠤᠲᠠ ᠳᠤ ᠶᠠᠪᠤᠭᠳᠠᠪᠠ᠃     ᠤᠷᠤᠯᠳᠤᠭᠠᠨ ᠳᠤ ᠡᠷᠡᠭᠲᠡᠢ ᠶᠢᠨ ᠪᠦᠯᠬᠦᠮ ᠶᠢᠨ ᠤᠷᠤᠯᠳᠤᠭᠠᠨ ︵40 ︱ 60 ᠨᠠᠰᠤ︶᠂ ᠡᠮᠡᠭᠲᠡᠢ ᠶᠢᠨ ᠪᠦᠯᠬᠦᠮ ᠤᠨ ᠤᠷᠤᠯᠳᠤᠭᠠᠨ ︵40 ︱ 60 ᠨᠠᠰᠤ︶᠂ ᠡᠷᠡᠭᠲᠡᠢ ᠶᠢᠨ ᠬᠤᠣᠰᠯᠠᠨ ᠴᠣᠬᠢᠬᠤ ᠤᠷᠤᠯᠳᠤᠭᠠᠨ      ︵40 ︱ 49 ᠨᠠᠰᠤ︶᠂ ᠡᠮᠡᠭᠲᠡᠢ ᠶᠢᠨ ᠬᠤᠣᠰᠯᠠᠨ ᠴᠣᠬᠢᠬᠤ ᠤᠷᠤᠯᠳᠤᠭᠠᠨ ︵40 ︱ 49 ᠨᠠᠰᠤ︶᠂ ᠡᠷᠡᠭᠲᠡᠢ ᠶᠢᠨ ᠬᠤᠣᠰᠯᠠᠨ ᠴᠣᠬᠢᠬᠤ ᠤᠷᠤᠯᠳᠤᠭᠠᠨ ︵50 ︱ 60 ᠨᠠᠰᠤ︶᠂ ᠡᠮᠡᠭᠲᠡᠢ ᠶᠢᠨ ᠬᠤᠣᠰᠯᠠᠨ ᠴᠣᠬᠢᠬᠤ ᠤᠷᠤᠯᠳᠤᠭᠠᠨ ︵50 ︱ 60 ᠨᠠᠰᠤ︶  ᠵᠡᠷᠭᠡ 6 ᠲᠥᠷᠥᠯ ᠵᠦᠢᠯ ᠲᠣᠬᠢᠷᠠᠭᠤᠯᠵᠤ᠂ ᠪᠥᠬᠦ ᠣᠷᠣᠨ ᠤ 11 ᠠᠶᠢᠮᠠᠭ ᠬᠤᠲᠠ ᠪᠠ ᠳᠣᠲᠣᠭᠠᠳᠤ ᠶᠢ ᠬᠠᠮᠠᠭᠠᠯᠠᠬᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠥᠯᠥᠭᠡᠯᠡᠭᠴᠢᠳ ᠤᠨ ᠠᠩᠭᠢ ᠪᠠᠷ ᠪᠦᠷᠢᠯᠳᠦᠭᠰᠡᠨ 12 ᠠᠩᠭᠢ ᠶᠢᠨ 230 ᠳᠠᠭᠠᠭᠤᠯᠤᠭᠴᠢ᠂ ᠳᠠᠰᠬᠠᠯᠵᠢᠭᠤᠯᠤᠭᠴᠢ᠂ ᠲᠠᠮᠢᠷᠴᠢᠨ᠂ ᠬᠢᠨᠠᠭᠴᠢ ᠵᠢᠴᠢ ᠠᠵᠢᠯᠲᠠᠨ ᠣᠷᠣᠯᠴᠠᠵᠠᠢ᠃     ᠣᠯᠠᠨ ᠲᠦᠮᠡᠨᠴᠢ ᠳᠤᠭᠤᠶᠢᠯᠠᠩ ᠤᠨ ᠲᠣᠣᠷ ᠪᠥᠮᠪᠦᠭᠡ ᠶᠢᠨ ᠤᠷᠤᠯᠳᠤᠭᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠴᠢᠬᠤᠯᠠ ᠤᠷᠤᠯᠳᠤᠭᠠᠨ ᠤ ᠲᠥᠷᠥᠯ ᠵᠦᠢᠯ ᠪᠣᠯᠤᠭᠰᠠᠨ ᠤ ᠬᠤᠪᠢ ᠳᠤ᠂ ᠪᠡᠶ᠎ᠡ ᠶᠢᠨ ᠲᠠᠮᠢᠷ ᠤᠨ ᠰᠣᠶᠣᠯ ᠪᠠ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠪᠥᠬᠦ ᠣᠷᠣᠨ ᠤ ᠲᠣᠣᠷ ᠪᠥᠮᠪᠦᠭᠡ ᠳᠤ ᠪᠠᠭ᠋ᠠᠲᠠᠢ ᠬᠥᠮᠥᠰ ᠤᠨ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠵᠤ᠂ ᠪᠥᠬᠦ ᠣᠷᠣᠨ ᠤ ᠲᠣᠣᠷ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠳᠤ ᠰᠠᠶᠢᠨ ᠰᠠᠭᠤᠷᠢ ᠲᠠᠯᠪᠢᠭᠰᠠᠨ ᠪᠠᠶᠢᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号