| 2023 ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ U-21 ᠬᠤᠯᠪᠣᠭᠠᠲᠤ ᠤᠷᠤᠯᠳᠤᠭᠠᠨ | 5 ᠰᠠᠷ᠎ᠠ ᠶᠢᠨ 26 ᠤ ᠡᠳᠦᠷ ᠠᠴᠠ 6 ᠰᠠᠷ᠎ᠠ ᠶᠢᠨ 7 ᠤ ᠡᠳᠦᠷ ᠪᠣᠯᠲᠠᠯ᠎ᠠ ᠤᠯᠤᠰ ᠤᠨ ᠤᠮᠠᠷᠠᠲᠤ ᠶᠢᠨ ᠬᠥᠯ | ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠲᠤ ᠶᠠᠪᠤᠠᠠᠳᠠᠬᠤ ᠪᠠᠷ ᠪᠤᠢ᠃ ᠲᠣᠰ ᠤᠳᠠᠭᠠᠨ ᠤ | ᠤᠷᠤᠯᠳᠤᠭᠠᠨ ᠢ ᠡᠷᠬᠢᠯᠡᠬᠦ ᠡᠷᠬᠡ ᠶᠢ ᠡᠷᠡᠮᠡᠯᠵᠡᠯᠡᠨ ᠤᠯᠤᠭᠰᠨ ᠨᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠯᠭᠡᠨ ᠦᠵᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ | ᠤᠯᠤᠰ ᠤᠨ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠵᠢᠩᠬᠢᠨᠢ ᠪᠠᠷ | ᠠᠰᠢᠭᠯᠠᠯᠲᠠ ᠳᠤ ᠣᠷᠣᠵᠤ᠂ ᠨᠡᠶᠢᠭᠡᠮ ᠳᠤ ᠬᠠᠨᠳᠤᠭᠤᠯᠤᠨ ᠨᠡᠭᠡᠭᠡᠯᠲᠡ ᠬᠢᠵᠦ ᠠᠵᠢᠯᠯᠠᠭᠰᠠᠨ ᠢ ᠬᠠᠷᠠᠭᠤᠯᠵᠤ ᠪᠠᠶᠢᠨ᠎ᠠ᠃ | | | 2023 ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ U-21 ᠬᠤᠯᠪᠣᠭᠠᠲᠤ ᠤᠷᠤᠯᠳᠤᠭᠠᠨ | ᠪᠣᠯ ᠳᠤᠮᠳᠠᠳᠤ ᠤᠯᠤᠰ ᠤᠨ ᠬᠡᠲᠦ ᠲᠡᠰ ᠤᠨ ᠤᠷᠤᠯᠳᠤᠭᠠᠨ᠂ ᠳᠤᠮᠳᠠᠳᠤ ᠤᠯᠤᠰ ᠤᠨ ᠬᠦᠬᠡ ᠲᠡᠰ ᠤᠨ | ᠤᠷᠤᠯᠳᠤᠭᠠᠨ ᠤ 36 ᠺᠯᠦ᠋ᠪ ᠤᠨ ᠪᠠᠭ ᠪᠠᠶᠢᠭᠤᠯᠵᠤ ᠤᠷᠤᠯᠳᠤᠭᠠᠨ ᠳᠤ ᠤᠷᠤᠯᠴᠠᠬᠤ ᠪᠠᠷ ᠪᠠᠶᠢᠭ᠎ᠠ ᠤᠯᠤᠰ ᠤᠨ | ᠲᠠᠰ ᠤᠨ ᠥᠨᠳᠥᠷ ᠬᠢᠷᠢ ᠲᠦᠪᠰᠢᠨ ᠪᠦᠬᠦᠢ ᠬᠥᠯ ᠪᠥᠮᠪᠦᠭᠡ ᠶᠢᠨ ᠤᠷᠤᠯᠳᠤᠭᠠᠨ ᠪᠣᠯᠣᠨ᠎ᠠ᠃ 2023 ᠳᠤᠮᠳᠠᠳᠤ | ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ U-21 ᠬᠤᠯᠪᠣᠭᠠᠲᠤ ᠤᠷᠤᠯᠳᠤᠭᠠᠨ ᠪᠣᠯ ᠳᠤᠮᠳᠠᠳᠤ | ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠪᠡᠶ᠎ᠡ ᠶᠢᠨ | ᠲᠠᠮᠢᠷ ᠤᠨ ᠲᠠᠯᠠᠪᠠᠶ ᠣᠷᠳᠣᠨ ᠤ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ᠂ | ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠯ ᠪᠥᠮᠪᠦᠭᠡ ᠶᠢᠨ ᠰᠤᠪᠠᠭ ᠠᠴᠠ ᠬᠠᠮᠲᠤᠷᠠᠨ ᠡᠷᠭᠢᠯᠡᠭᠰᠡᠨ | ᠪᠥᠭᠡᠳ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠣᠷᠤᠯᠠᠭᠤᠯᠭ᠎ᠠ ᠶᠢᠨ | ᠬᠠᠮᠢᠶᠠᠷᠤᠯᠲᠠ ᠶᠢᠨ ᠲᠥᠪ ᠤᠨ ᠬᠦᠴᠦᠲᠡᠢ ᠳᠡᠮᠵᠢᠯᠭᠡ ᠶᠢ ᠣᠯᠵᠤ᠂ ᠣᠶᠢᠷ᠎ᠠ ᠶᠢᠨ ᠵᠢᠯ ᠤᠳ ᠲᠤ ᠥᠪᠥᠷ | ᠮᠣᠩᠭᠤᠯ ᠤᠨ ᠡᠷᠭᠢᠯᠡᠭᠰᠡᠨ ᠬᠠᠮᠤᠭ ᠤᠨ ᠳᠡᠭᠡᠳᠦ ᠲᠠᠰ ᠤᠨ ᠬᠤᠯᠪᠣᠭᠠᠲᠤ ᠤᠷᠤᠯᠳᠤᠭᠠᠨ ᠪᠣᠯᠣᠨ᠎ᠠ᠃ᠤᠯᠤᠰ ᠤᠨ | ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠤ ᠬᠢᠨ ᠲᠡᠷᠢᠭᠦᠨ ᠤ ᠰᠠᠭᠤᠷᠢ ᠲᠥᠬᠦᠭᠡᠷᠦᠮᠵᠢ ᠶᠢᠨ | ᠴᠢᠳᠠᠮᠵᠢ ᠪᠣᠯᠣᠨ ᠰᠢᠯᠢᠳᠡᠭ ᠤᠷᠤᠯᠳᠤᠭᠠᠨ ᠤ ᠦᠢᠯᠡᠴᠢᠯᠡᠭᠡᠨ ᠤ ᠲᠦᠪᠰᠢᠨ ᠢ ᠭᠦᠢᠴᠡᠳ ᠠᠰᠢᠭᠯᠠᠵᠤ᠂ ︽ᠵᠢᠱᠢᠶ᠎ᠡ | ᠦᠵᠡᠭᠦᠯᠬᠦ ᠴᠢᠨᠠᠷᠲᠠᠢ︾ ᠤᠷᠤᠯᠳᠤᠭᠠᠨ ᠤ ᠵᠦᠢᠯ ᠢ ᠢᠳᠡᠪᠬᠢᠲᠡᠢ ᠪᠠᠶᠢᠭᠤᠯᠵᠤ᠂ ᠨᠡᠩ ᠤᠯᠠᠨ ᠳᠡᠭᠡᠳᠦ ᠲᠡᠰ ᠤᠨ | ᠤᠷᠤᠯᠳᠤᠭᠠᠨ ᠤ ᠵᠦᠢᠯ ᠢ ᠥᠪᠥᠷ ᠮᠣᠩᠭᠤᠯ ᠳᠤ ᠣᠷᠣᠭᠤᠯᠬᠤ ᠪᠠᠷ ᠪᠤᠢ᠃ | |