| 5 ᠰᠠᠷ᠎ᠠ ᠶᠢᠨ 19 ᠤ ᠡᠳᠦᠷ ᠠᠴᠠ 22 ᠤᠨ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠯᠭᠤᠭᠤᠷ | ᠬᠦᠷᠳᠦ + ᠫᠤᠤᠳᠠᠯᠭ᠎ᠠ ᠶᠢᠨ ᠤᠷᠤᠯᠳᠤᠭᠠᠨ ᠬᠥᠯᠥᠨ ᠪᠤᠶᠢᠷ ᠬᠤᠲᠠ ᠶᠢᠨ ᠶᠠᠭᠰᠢ ᠬᠤᠲᠠ ᠳᠤ ᠶᠠᠪᠤᠭᠳᠠᠵᠤ᠂ ᠪᠥᠬᠦ | ᠣᠷᠣᠨ ᠤ 5 ᠠᠶᠢᠮᠠᠭ ᠬᠤᠲᠠ ᠶᠢᠨ 160 ᠭᠠᠷᠤᠢ ᠳᠠᠭᠠᠭᠤᠯᠤᠭᠴᠢ᠂ ᠳᠠᠰᠬᠠᠯᠵᠢᠭᠤᠯᠤᠭᠴᠢ᠂ ᠲᠠᠮᠢᠷᠴᠢᠨ᠂ | ᠬᠢᠨᠠᠭᠴᠢ ᠣᠷᠣᠯᠴᠠᠵᠠᠢ᠃ | ᠤᠷᠤᠯᠳᠤᠭᠠᠨ ᠳᠤ ᠬᠥᠬᠡ ᠳᠤᠭᠤᠶᠢᠯᠠᠩ᠂ ᠬᠥᠬᠡᠭᠴᠢᠨ ᠳᠤᠭᠤᠶᠢᠯᠠᠩ ᠤᠨ ᠡᠷᠡᠭᠲᠡᠢ ᠶᠢᠨ 10 ᠺᠢᠯᠣᠮᠧᠲᠷ ᠤᠨ | ᠣᠶᠢᠷ᠎ᠠ ᠵᠠᠢ ᠶᠢᠨ ᠤᠷᠤᠯᠳᠤᠭᠠᠨ᠂ 15 ᠺᠢᠯᠣᠮᠧᠲᠷ ᠤᠨ ᠵᠠᠢ ᠪᠠᠷᠢᠵᠦ ᠮᠤᠷᠳᠠᠬᠤ ᠤᠷᠤᠯᠳᠤᠭᠠᠨ᠂ 4×7.5 | ᠺᠢᠯᠣᠮᠧᠲᠷ ᠤᠨ ᠪᠤᠤᠬᠢᠶ᠎ᠠ ᠤᠷᠤᠯᠳᠤᠭᠠᠨ᠂ ᠡᠮᠡᠭᠲᠡᠢ ᠶᠢᠨ 7.5 ᠺᠢᠯᠣᠮᠧᠲᠷ ᠤᠨ ᠣᠶᠢᠷ᠎ᠠ ᠵᠠᠢ ᠶᠢᠨ ᠤᠷᠤᠯᠳᠤᠭᠠᠨ᠂ | 12.5 ᠺᠢᠯᠣᠮᠧᠲᠷ ᠤᠨ ᠵᠠᠢ ᠪᠠᠷᠢᠵᠦ ᠮᠤᠷᠳᠠᠬᠤ ᠤᠷᠤᠯᠳᠤᠭᠠᠨ᠂ 4×6 ᠺᠢᠯᠣᠮᠧᠲᠷ ᠤᠨ ᠪᠤᠤᠬᠢᠶ᠎ᠠ ᠤᠷᠤᠯᠳᠤᠭᠠᠨ᠂ | ᠭᠦᠢᠰᠦ ᠢᠯᠭᠠᠬᠤ ᠦᠭᠡᠢ ᠪᠤᠤᠬᠢᠶ᠎ᠠ ᠤᠷᠤᠯᠳᠤᠭᠠᠨ ᠡᠷᠡᠭᠲᠡᠢ ᠶᠢᠨ 2×7.5 ᠺᠢᠯᠣᠮᠧᠲᠷ + ᠡᠮᠡᠭᠲᠡᠢ ᠶᠢᠨ 2×6 | ᠺᠢᠯᠣᠮᠧᠲᠷ ᠵᠡᠷᠭᠡ 14 ᠵᠢᠵᠢᠭ ᠤᠷᠤᠯᠳᠤᠭᠠᠨ ᠤ ᠵᠦᠢᠯ ᠢ ᠲᠣᠬᠢᠷᠠᠭᠤᠯᠪᠠ᠃ 4 ᠡᠳᠦᠷ ᠤᠨ ᠤᠷᠤᠯᠳᠤᠭᠠᠨ ᠳᠤ | 42 ᠮᠧᠳᠠᠯ ᠰᠢᠯᠭᠠᠷᠠᠭᠤᠯᠵᠦ᠂ ᠬᠥᠯᠥᠨ ᠪᠤᠶᠢᠷ ᠬᠤᠲᠠ 10 ᠠᠯᠲᠠᠨ ᠮᠧᠳᠠᠯ 6 ᠮᠥᠩᠭᠦᠨ ᠮᠧᠳᠠᠯ 6 ᠬᠦᠷᠡᠯ | ᠮᠧᠳᠠᠯ ᠣᠯᠵᠤ᠂ ᠪᠠᠶᠠᠨᠨᠠᠭᠤᠷ ᠬᠤᠲᠠ 3 ᠠᠯᠲᠠᠨ ᠮᠧᠳᠠᠯ 3 ᠮᠥᠩᠭᠦᠨ ᠮᠧᠳᠠᠯ 1 ᠬᠦᠷᠡᠯ ᠮᠧᠳᠠᠯ ᠣᠯᠵᠤ᠂ | ᠣᠷᠳᠣᠰ ᠬᠤᠲᠠ 1 ᠠᠯᠲᠠᠨ ᠮᠧᠳᠠᠯ 3 ᠮᠥᠩᠭᠦᠨ ᠮᠧᠳᠠᠯ 5 ᠬᠦᠷᠡᠯ ᠮᠧᠳᠠᠯ ᠣᠯᠵᠤ᠂ ᠲᠦᠩᠯᠢᠶᠣᠣ ᠬᠤᠲᠠ 2 | ᠮᠥᠩᠭᠦᠨ ᠮᠧᠳᠠᠯ 2 ᠬᠦᠷᠡᠯ ᠮᠧᠳᠠᠯ ᠣᠯᠣᠭᠰᠠᠨ ᠪᠠᠶᠢᠨ᠎ᠠ᠃ | ᠭᠤᠯᠭᠤᠭᠤᠷ ᠬᠦᠷᠳᠦ + ᠫᠤᠤᠳᠠᠯᠭ᠎ᠠ ᠨᠢ ᠡᠬᠢᠨ ᠳᠡᠭᠡᠨ ᠡᠪᠦᠯ ᠤᠨ ᠤᠯᠠᠷᠢᠯ ᠤᠨ ᠬᠤᠶᠠᠷ ᠵᠦᠢᠯ ᠤᠨ | ᠤᠷᠤᠯᠳᠤᠭᠠᠨ ᠤ ᠲᠤᠰᠠᠯᠠᠬᠤ ᠪᠣᠯᠪᠠᠰᠤᠷᠠᠯ ᠤᠨ ᠲᠦᠷᠦᠯ ᠵᠦᠢᠯ ᠪᠠᠶᠢᠵᠤ᠂ ᠡᠪᠦᠯ ᠤᠨ ᠤᠯᠠᠷᠢᠯ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠢ ᠵᠤᠨ ᠤ ᠤᠯᠠᠷᠢᠯ ᠬᠦᠷᠲᠡᠯ᠎ᠡ ᠤᠷᠲᠤᠳᠬᠠᠵᠤ᠂ ᠤᠯᠠᠷᠢᠯ ᠤᠨ | ᠬᠢᠵᠠᠭᠠᠷᠯᠠᠯ ᠢ ᠡᠪᠳᠡᠵᠦ᠂ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠮᠠᠨ ᠤ ᠣᠷᠣᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠲᠦᠷᠦᠯ | ᠵᠦᠢᠯ ᠤᠨ ᠬᠥᠭᠵᠢᠯᠲᠡ ᠳᠤ ᠪᠠᠲᠤ ᠰᠠᠭᠤᠷᠢ ᠶᠢ ᠲᠠᠯᠪᠢᠵᠤ ᠥᠭᠴᠡᠢ᠃ |