| 5 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ | ᠡᠪᠯᠡᠯ ᠠᠴᠠ ᠭᠤᠣᠯᠯᠠᠨ ᠡᠷᠭᠢᠯᠡᠵᠦ᠂ ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠪᠡᠶ᠎ᠡ ᠶᠢᠨ ᠲᠠᠮᠢᠷ ᠤᠨ | ᠲᠣᠪᠴᠢᠶ᠎ᠠ ᠠᠴᠠ ᠲᠠᠭᠠᠭᠠᠴᠢᠯᠠᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ | ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠦᠪᠦᠷ ᠮᠤᠩᠭᠤᠯ ᠤᠨ ᠡᠳ᠋ ᠤᠨ | ᠵᠠᠰᠠᠭ ᠠᠵᠦ ᠠᠬᠤᠢ ᠶᠢᠨ ᠶᠡᠭᠡ ᠰᠤᠷᠭᠠᠭᠤᠯᠢ ᠳᠤ ᠡᠬᠢᠯᠡᠪᠡ᠃ | ᠤᠷᠤᠯᠳᠤᠭᠠᠨ ᠨᠢ 7 ᠡᠳᠦᠷ ᠶᠠᠪᠤᠭᠳᠠᠬᠤ ᠪᠦᠭᠡᠳ ᠪᠦᠬᠦ ᠣᠷᠣᠨ ᠤ 12 ᠠᠶᠢᠮᠠᠭ ᠬᠤᠳᠠ ᠪᠣᠯᠣᠨ | ᠥᠪᠡᠷᠲᠡᠭᠡᠨ ᠵᠠᠰᠠᠬᠤ ᠣᠷᠣᠨ ᠤ ᠡᠯ᠎ᠡ ᠠᠵᠢᠯ ᠲᠦᠷᠦᠯ ᠤᠨ 21 ᠲᠥᠯᠥᠭᠡᠯᠡᠭᠴᠢᠳ ᠤᠨ ᠠᠩᠭᠢ ᠶᠢᠨ 1200 | ᠰᠢᠬᠠᠮ ᠠᠵᠢᠯᠲᠠᠨ ᠣᠷᠣᠯᠴᠠᠵᠤ᠂ ᠡᠷᠡᠭᠲᠡᠢ ᠶᠢᠨ ᠬᠥᠯ ᠪᠥᠮᠪᠦᠭᠡ᠂ ᠡᠷᠡᠭᠲᠡᠢ ᠶᠢᠨ ᠰᠠᠭᠰᠤᠨ ᠪᠥᠮᠪᠦᠭᠡ᠂ ᠬᠡᠶᠢᠳᠦ | ᠠᠯᠠᠭᠠᠳᠠᠬᠤ ᠪᠥᠮᠪᠦᠭᠡ᠂ ᠫᠢᠩᠫᠠᠩ ᠪᠥᠮᠪᠦᠭᠡ᠂ ᠦᠳᠦᠨ ᠪᠥᠮᠪᠦᠭᠡ᠂ ᠮᠢᠭᠮᠡᠨ ᠰᠢᠲᠠᠷ᠎ᠠ ᠪᠣᠯᠣᠨ ᠠᠯᠬᠤᠬᠤ | ᠤᠷᠤᠯᠳᠤᠭᠠᠨ ᠶᠢ ᠪᠠᠭᠲᠠᠭᠠᠭᠰᠠᠨ 8 ᠲᠦᠷᠦᠯ ᠵᠦᠢᠯ ᠢ ᠲᠣᠬᠢᠷᠠᠭᠤᠯᠪᠠ᠃ | ᠪᠦᠬᠦ ᠣᠷᠣᠨ ᠤ ᠠᠵᠢᠯᠲᠠᠨ ᠠᠵᠢᠯᠴᠢᠨ ᠳᠤ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠰᠣᠯᠢᠯᠴᠠᠭᠠᠨ ᠤ | ᠲᠠᠪᠴᠠᠩ ᠪᠠᠶᠢᠭᠤᠯᠤᠨ ᠦᠭᠴᠦ᠂ ᠬᠥᠳᠡᠯᠮᠦᠷᠢ ᠶᠢᠨ ᠵᠣᠷᠢᠭ ᠰᠠᠨᠠᠭ᠎ᠠ᠂ ᠲᠡᠮᠡᠴᠡᠯ ᠤᠨ ᠵᠣᠷᠢᠭ ᠰᠠᠨᠠᠭ᠎ᠠ ᠶᠢ ᠤᠯᠠᠮ | ᠴᠢᠨᠠᠭᠰᠢᠳᠠ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠦᠢᠯᠡᠳᠦᠯᠭᠡᠵᠢᠭᠦᠯᠵᠦ᠂ ᠠᠵᠢᠯᠲᠠᠨ ᠠᠵᠢᠯᠴᠢᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠠᠵᠢᠯᠲᠠᠨ | ᠠᠵᠢᠯᠴᠢᠨ ᠤ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠲᠤᠰ ᠤᠳᠠᠭᠠᠨ ᠤ ᠪᠡᠶ᠎ᠡ ᠶᠢᠨ | ᠲᠠᠮᠢᠷ ᠤᠨ ᠴᠤᠭᠯᠠᠭᠠᠨ ᠢ ᠡᠷᠬᠢᠯᠡᠪᠡ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠳᠡᠳ᠋ | ᠲᠡᠷᠢᠭᠦᠯᠡᠭᠴᠢ ᠪᠦᠦ ᠲᠢᠶᠧ ᠴᠢᠶᠠᠩ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠵᠤ᠂ ᠥᠪᠡᠷᠲᠡᠭᠡᠨ | ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᡁᠢ ᠡᠬᠢᠯᠡᠯᠲᠡ ᠶᠢᠨ ᠶᠣᠰᠣᠯᠠᠯ ᠢ | ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠠᠵᠢᠯᠴᠢᠨ ᠤ ᠶᠡᠷᠦᠩᠬᠡᠢ ᠡᠪᠯᠡᠯ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ᠂ ᠥᠪᠥᠷ ᠮᠣᠩᠭᠤᠯ ᠤᠨ | ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠶᠢᠨ ᠬᠠᠮᠢᠶ᠎ᠠ ᠪᠦᠬᠦᠢ ᠬᠥᠮᠥᠰ | ᠤᠷᠤᠯᠴᠠᠪᠠ᠃ |