5 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ | ᠳᠤᠭᠤᠶᠢᠯᠠᠩ ᠤᠨ ᠬᠡᠶᠢᠲᠦ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠤᠯᠠᠭᠠᠨᠴᠠᠪ ᠬᠤᠲᠠ ᠳᠤ ᠶᠠᠪᠤᠭᠳᠠᠵᠤ᠂ | ᠪᠥᠬᠦ ᠣᠷᠣᠨ ᠤ 10 ᠠᠶᠢᠮᠠᠭ ᠬᠤᠲᠠ ᠶᠢᠨ ᠡᠷᠡᠭᠲᠡᠢ᠂ ᠡᠮᠡᠭᠲᠡᠢ ᠶᠢᠨ ᠨᠡᠶᠢᠲᠡ 20 ᠲᠥᠯᠥᠭᠡᠯᠡᠭᠴᠢᠳ ᠤᠨ | ᠠᠩᠭᠢ ᠶᠢᠨ 159 ᠬᠥᠮᠥᠨ ᠤᠷᠤᠯᠳᠤᠭᠠᠨ ᠳᠤ ᠣᠷᠣᠯᠴᠠᠵᠠᠢ᠃ | | 2 ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠠᠮᠵᠢᠨ᠂ ᠤᠯᠠᠭᠠᠨᠬᠠᠳᠠ ᠬᠤᠳᠠ ᠶᠢᠨ ᠲᠥᠯᠥᠭᠡᠯᠡᠭᠴᠢᠳ ᠤᠨ | ᠠᠩᠭᠢ ᠡᠷᠡᠭᠲᠡᠢ ᠶᠢᠨ ᠳᠤᠭᠤᠶᠢᠯᠠᠩ ᠤᠨ ᠮᠠᠩᠯᠠᠢ ᠳᠤ ᠰᠢᠯᠭᠠᠷᠠᠵᠤ᠂ ᠪᠤᠭᠤᠲᠤ ᠬᠤᠳᠠ ᠶᠢᠨ ᠲᠥᠯᠥᠭᠡᠯᠡᠭᠴᠢᠳ ᠤᠨ | ᠠᠩᠭᠢ ᠡᠮᠡᠭᠲᠡᠢ ᠶᠢᠨ ᠳᠤᠭᠤᠶᠢᠯᠠᠩ ᠤᠨ ᠮᠠᠩᠯᠠᠢ ᠳᠤ ᠰᠢᠯᠭᠠᠷᠠᠪᠠ᠃ | | ᠬᠡᠶᠢᠳᠦ ᠠᠯᠠᠭᠠᠳᠠᠬᠤ ᠪᠥᠮᠪᠦᠭᠡ ᠶᠢᠨ ᠲᠠᠮᠢᠷ ᠤᠨ ᠬᠥᠳᠡᠯᠭᠡᠭᠡᠨ ᠨᠢ ᠲᠠᠮᠢᠷ ᠤᠨ ᠬᠥᠳᠡᠯᠭᠡᠭᠡᠨ᠂ ᠰᠡᠯᠡᠭᠦᠴᠡᠯ᠂ | ᠵᠤᠭ᠎ᠠ ᠴᠡᠩᠭᠡᠯ ᠢ ᠨᠢᠭᠡᠳᠬᠡᠭᠰᠡᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠰᠢᠨ᠎ᠡ ᠪᠠᠷ ᠮᠠᠨᠳᠤᠭᠰᠠᠨ ᠲᠦᠷᠦᠯ | ᠵᠦᠢᠯ ᠪᠣᠯᠣᠨ᠎ᠠ᠃ ᠬᠥᠳᠡᠯᠭᠡᠭᠡᠨ ᠨᠢ ᠲᠣᠬᠢᠷᠠᠮᠵᠢᠲᠠᠢ᠂ ᠰᠤᠷᠬᠤ ᠳᠤ ᠳᠥᠭᠦᠮ᠂ ᠡᠯ᠎ᠡ ᠨᠠᠰᠤᠨ ᠤ ᠬᠦᠮᠦᠰ ᠲᠤ | ᠲᠣᠬᠢᠷᠠᠵᠤ᠂ ᠤᠯᠠᠮ ᠠᠴᠠ ᠤᠯᠠᠮ ᠣᠯᠠᠨ ᠬᠥᠮᠥᠨ ᠤ ᠪᠠᠭ᠋ᠠᠷᠬᠠᠯ ᠢ ᠲᠠᠲᠠᠵᠤ ᠪᠠᠶᠢᠨ᠎ᠠ᠃ ᠲᠣᠰ ᠤᠳᠠᠭᠠᠨ ᠤ | ᠤᠷᠤᠯᠳᠤᠭᠠᠨ ᠨᠢ ᠣᠯᠠᠨ ᠲᠦᠮᠡᠨ ᠳᠤ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠥᠷᠨᠢᠭᠦᠯᠬᠦ ᠪᠠ ᠨᠥᠬᠦᠷᠯᠡᠯ ᠢᠶᠠᠨ | ᠵᠤᠵᠠᠭᠠᠳᠬᠠᠬᠤ ᠲᠠᠪᠴᠠᠩ ᠪᠠᠶᠢᠭᠤᠯᠤᠨ ᠥᠭᠴᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ | ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠳᠤ ᠬᠦᠴᠦᠨ | ᠨᠡᠮᠡᠷᠢᠯᠡᠪᠡ᠃ |