2023 ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ U — 21 ᠬᠤᠯᠪᠣᠭᠠᠲᠤ ᠤᠷᠤᠯᠳᠤᠭᠠᠨ ︵ᠰᠢᠢᠳᠪᠦᠷᠢᠲᠦ ᠤᠷᠤᠯᠳᠤᠭᠠᠨ ᠤ ᠨᠢᠭᠡᠳᠦᠭᠡᠷ ᠱᠠᠲᠤ︶ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2023/5/29
    5 ᠰᠠᠷ᠎ᠠ ᠶᠢᠨ 26 ᠤ ᠣᠷᠣᠢ᠂ 2023 ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ U-21 ᠬᠤᠯᠪᠣᠭᠠᠲᠤ ᠤᠷᠤᠯᠳᠤᠭᠠᠨ ︵ᠰᠢᠢᠳᠪᠦᠷᠢᠲᠦ ᠤᠷᠤᠯᠳᠤᠭᠠᠨ ᠤ ᠨᠢᠭᠡᠳᠦᠭᠡᠷ ᠱᠠᠲᠤ︶  ᠤ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠤᠯᠤᠰ ᠤᠨ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠲᠤ ᠶᠠᠪᠤᠭᠳᠠᠪᠠ᠃     ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠤᠭᠯᠠᠯᠳᠠ ᠶᠠᠪᠤᠭᠳᠠᠵᠦ᠂ ᠥᠪᠥᠷ ᠮᠣᠩᠭᠤᠯ ᠤᠨ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ ᠬᠤᠯᠠ ᠠᠴᠠ ᠬᠦᠷᠦᠯᠴᠡᠨ ᠢᠷᠡᠭᠰᠡᠨ ᠵᠤᠴᠢᠨ᠂ ᠲᠠᠮᠢᠷᠴᠢᠳ ᠢᠶᠠᠨ ᠪᠠᠶᠠᠷᠯᠠᠨ ᠤᠭᠳᠤᠪᠠ᠃ ᠳᠠᠷᠠᠭ᠎ᠠ ᠨᠢ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠬᠤᠷᠠᠯ ᠤᠨ ᠲᠤᠭ ᠪᠣᠯᠣᠨ 12 ᠤᠷᠤᠯᠳᠤᠭᠠᠨ ᠳᠤ ᠣᠷᠣᠯᠴᠠᠬᠤ ᠠᠩᠭᠢ ᠶᠢᠨ ᠲᠤᠭ ᠢ ᠲᠡᠯᠡᠪᠡᠢ ᠳᠤ ᠤᠷᠤᠭᠤᠯᠪᠠ᠃
    ᠬᠥᠰᠢᠭᠡ ᠰᠡᠬᠦᠬᠦ ᠤᠷᠤᠯᠳᠤᠭᠠᠨ ᠳᠤ ᠪᠡᠭᠡᠵᠢᠩ ᠤᠨ ᠭᠦᠸᠧ ᠠᠨ ᠪᠣᠯᠣᠨ ᠵᠧᠵᠢᠶᠠᠩ ᠤᠨ ᠠᠩᠭᠢ 90 ᠮᠢᠨᠦ᠋ᠲ ᠤᠨ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ 0᠄ 0 ᠢᠶᠠᠷ ᠬᠠᠶᠢᠨᠴᠠᠪᠠ᠃ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ U-21 ᠬᠤᠯᠪᠣᠭᠠᠲᠤ ᠤᠷᠤᠯᠳᠤᠭᠠᠨ ᠢ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠤᠷᠤᠯᠳᠤᠭᠠᠨ ᠳᠤ ᠳᠤᠮᠳᠠᠳᠤ ᠤᠯᠤᠰ ᠤᠨ ᠬᠡᠲᠦ ᠲᠠᠰ ᠤᠨ᠂ ᠳᠤᠮᠳᠠᠳᠤ ᠤᠯᠤᠰ ᠤᠨ ᠬᠥᠬᠡ ᠲᠠᠰ ᠤᠨ 36 ᠺᠯᠦ᠋ᠪ ᠠᠴᠠ ᠠᠩᠭᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠵᠠᠢ᠃
    ᠰᠢᠢᠳᠪᠦᠷᠢᠲᠦ ᠤᠷᠤᠯᠳᠤᠭᠠᠨ ᠤ ᠱᠠᠲᠤᠨ ᠳᠤ ᠬᠤᠶᠠᠷ ᠡᠭᠡᠯᠵᠢ ᠶᠢᠨ ᠤᠷᠤᠯᠳᠤᠭᠠᠨ ᠤ ᠳᠦᠷᠢᠮ ᠢ ᠬᠡᠷᠡᠭᠯᠡᠵᠦ᠂ 22 ᠡᠭᠡᠯᠵᠢ ᠶᠢᠨ 132 ᠲᠠᠯᠠᠪᠠᠢ ᠤᠷᠤᠯᠳᠤᠭᠠᠨ ᠢ ᠳᠥᠷᠪᠡᠨ ᠱᠠᠳᠤ ᠬᠤᠪᠢᠶᠠᠨ ᠶᠠᠪᠤᠭᠳᠠᠭᠤᠯᠤᠨ᠎ᠠ᠃ ᠡᠭᠦᠨ ᠳᠤ ᠨᠢᠭᠡᠳᠦᠭᠡᠷ ᠱᠠᠲᠤ ᠨᠢ 5 ᠰᠠᠷ᠎ᠠ ᠶᠢᠨ 26 ᠤ ᠡᠳᠦᠷ ᠠᠴᠠ 6 ᠰᠠᠷ᠎ᠠ ᠶᠢᠨ 8 ᠤ ᠡᠳᠦᠷ ᠪᠣᠯᠲᠠᠯ᠎ᠠ ᠬᠥᠬᠡᠬᠤᠲᠠ᠂ ᠳ᠋ᠠᠯᠢᠶᠠᠨ ᠳᠤ ᠶᠠᠪᠤᠭᠳᠠᠨ᠎ᠠ᠃ ᠬᠥᠬᠡᠬᠤᠲᠠ ᠶᠢᠨ ᠤᠷᠤᠯᠳᠤᠭᠠᠨ ᠤ ᠲᠣᠭᠤᠷᠢᠭ ᠲᠤ ᠱᠠᠩᠬᠠᠢ ᠶᠢᠨ ᠲᠠᠯᠠᠢ ᠶᠢᠨ ᠭᠠᠷᠠᠮ ᠤᠨ ᠠᠩᠭᠢ᠂ ᠱᠧᠨᠵᠧᠨ ᠤ ᠠᠩᠭᠢ᠂ ᠴᠧᠩᠳᠦ᠋ ᠶᠢᠨ ᠷᠦᠩ ᠴᠧᠩ ᠠᠩᠭᠢ᠂ ᠾᠧᠨᠠᠨ ᠤ ᠠᠩᠭᠢ᠂ ᠵᠧᠵᠢᠶᠠᠩ ᠤᠨ ᠠᠩᠭᠢ᠂ ᠪᠡᠭᠡᠵᠢᠩ ᠤᠨ ᠭᠦᠸᠧ ᠠᠨ ᠠᠩᠭᠢ ᠵᠡᠷᠭᠡ 6 ᠠᠩᠭᠢ ᠣᠷᠣᠯᠴᠠᠪᠠ᠃
    ᠲᠤᠰ ᠤᠳᠠᠭᠠᠨ ᠤ ᠤᠷᠤᠯᠳᠤᠭᠠᠨ ᠬᠦᠬᠡᠬᠤᠳᠠ ᠳᠤ ᠶᠠᠪᠤᠭᠳᠠᠭᠰᠠᠨ ᠨᠢ ᠤᠯᠤᠰ ᠤᠨ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠲᠣᠰ ᠤᠳᠠᠭᠠᠨ ᠤ ᠤᠷᠤᠯᠳᠤᠭᠠᠨ ᠪᠣᠯ ᠪᠠᠰᠠ ᠴᠤ ᠣᠶᠢᠷ᠎ᠠ ᠶᠢᠨ ᠵᠢᠯ ᠤᠳ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠭᠠᠭᠠᠴᠢᠯᠠᠨ ᠡᠷᠭᠢᠯᠡᠭᠰᠡᠨ ᠬᠠᠮᠤᠭ ᠤᠨ ᠳᠡᠭᠡᠳᠦ ᠲᠠᠰ ᠤᠨ ᠬᠥᠯ ᠪᠥᠮᠪᠦᠭᠡ ᠶᠢᠨ ᠤᠷᠤᠯᠳᠤᠭᠠᠨ ᠮᠥᠨ᠂ ᠰᠠᠭᠤᠷᠢᠨ ᠭᠠᠵᠠᠷ ᠤᠨ ᠬᠢᠨ ᠲᠡᠷᠢᠭᠦᠨ ᠤ ᠰᠠᠭᠤᠷᠢ ᠲᠥᠬᠦᠭᠡᠷᠦᠮᠵᠢ ᠶᠢᠨ ᠴᠢᠳᠠᠮᠵᠢ ᠪᠠ ᠰᠢᠯᠢᠳᠡᠭ ᠰᠠᠶᠢᠨ ᠤᠷᠤᠯᠳᠤᠭᠠᠨ ᠤ ᠦᠢᠯᠡᠴᠢᠯᠡᠭᠡᠨ ᠤ ᠬᠢᠷᠢ ᠲᠦᠪᠰᠢᠨ ᠢ ᠭᠦᠢᠴᠡᠳ ᠠᠰᠢᠭᠯᠠᠨ᠂ ︽ᠵᠢᠱᠢᠶ᠎ᠡ ᠦᠵᠡᠭᠦᠯᠬᠦ ᠴᠢᠨᠠᠷᠲᠠᠢ︾ ᠤᠷᠤᠯᠳᠤᠭᠠᠨ ᠢ ᠢᠳᠡᠪᠬᠢᠲᠡᠢ ᠪᠣᠶ ᠪᠣᠯᠭᠠᠵᠤ᠂ ᠨᠠᠩ ᠣᠯᠠᠨ ᠳᠡᠭᠡᠳᠦ ᠲᠠᠰ ᠤᠨ ᠤᠷᠤᠯᠳᠤᠭᠠᠨ ᠢ ᠥᠪᠥᠷ ᠮᠣᠩᠭᠤᠯ ᠳᠤ ᠣᠷᠣᠭᠤᠯᠬᠤ ᠪᠠᠷ ᠪᠣᠶ᠃ ᠬᠤᠶᠢᠰᠢᠳᠠ᠂ ᠤᠯᠤᠰ ᠤᠨ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠨᠢ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠴᠢᠳᠠᠮᠵᠢ ᠪᠠ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠯ ᠪᠥᠮᠪᠦᠭᠡ ᠶᠢᠨ ᠪᠣᠯᠪᠠᠰᠤᠷᠠᠯ ᠪᠠ ᠤᠷᠤᠯᠳᠤᠭᠠᠨ ᠢᠶᠠᠷ ᠭᠤᠣᠯ ᠴᠢᠳᠠᠮᠵᠢ ᠪᠠᠨ ᠪᠣᠯᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠯ ᠪᠥᠮᠪᠦᠭᠡ ᠶᠢᠨ ᠥᠭᠡᠷᠡᠴᠢᠯᠡᠯᠲᠡ ᠪᠠ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠠᠮᠲᠤ᠂ ᠨᠡᠶᠢᠭᠡᠮ ᠨᠡᠶᠢᠲᠡ ᠳᠤ ᠬᠠᠨᠳᠤᠭᠤᠯᠤᠨ ᠨᠡᠭᠡᠭᠡᠯᠲᠡ ᠬᠢᠬᠦ ᠳᠤ ᠰᠦᠢᠳᠬᠡᠯ ᠬᠤᠷᠢᠶᠠᠬᠤ ᠦᠭᠡᠢ᠂ ᠰᠦᠢᠳᠬᠡᠯ ᠪᠠᠭ᠎ᠠ ᠬᠤᠷᠢᠶᠠᠵᠤ  ᠭᠠᠳᠠᠭᠰᠢ  ᠨᠡᠭᠡᠭᠡᠯᠲᠡ  ᠬᠢᠬᠦ  ᠶᠢ  ᠬᠡᠷᠡᠭᠵᠢᠭᠦᠯᠵᠦ᠂ ᠥᠪᠥᠷ  ᠮᠣᠩᠭᠤᠯ ᠢ ᠤᠬᠠᠭᠤᠯᠬᠤ  ᠰᠢᠨ᠎ᠡ   ︽ᠨᠡᠷ᠎ᠡ ᠶᠢᠨ ᠬᠠᠭᠤᠳᠠᠰᠤ︾ ᠪᠣᠯᠭᠠᠬᠤ ᠪᠠᠷ ᠴᠢᠷᠮᠠᠶᠢᠨ᠎ᠠ᠃
    ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠬᠤᠯᠪᠣᠭᠠᠲᠤ ᠤᠷᠤᠯᠳᠤᠭᠠᠨ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠥᠸᠧ ᠵᠢᠶᠦ᠋ᠨ ᠤᠭᠲᠤᠬᠤ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠭᠦᠢᠴᠡᠳᠬᠡᠬᠦ ᠭᠡᠰᠢᠭᠦᠨ᠂ ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠦ᠋ ᠭᠠᠩ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠬᠤᠯᠪᠣᠭᠠᠨ ᠤ ᠪᠡᠯᠡᠳᠬᠡᠯ ᠳᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠥᠬᠡᠬᠤᠲᠠ ᠶᠢᠨ ᠬᠠᠮᠢᠶ᠎ᠠ ᠪᠦᠬᠦᠢ ᠬᠥᠮᠥᠰ ᠠᠵᠢᠯᠯᠠᠭ᠎ᠠ ᠳᠤ ᠣᠷᠣᠯᠴᠠᠵᠤ᠂ ᠲᠣᠪᠴᠢᠶ᠎ᠠ ᠶᠢᠨ ᠰᠢᠰᠲ᠋ᠧᠮ ᠤᠨ ᠮᠢᠩᠭ᠎ᠠ ᠰᠢᠬᠠᠮ ᠺᠠᠳ᠋ᠷ ᠠᠵᠢᠯᠲᠠᠨ ᠠᠵᠢᠯᠴᠢᠨ᠂ ᠨᠡᠶᠢᠭᠡᠮ ᠤᠨ ᠡᠯ᠎ᠡ ᠡᠲᠡᠭᠡᠳ ᠤᠨ 13000 ᠭᠠᠷᠤᠢ ᠪᠥᠮᠪᠥᠭᠡᠨ ᠬᠤᠷᠤᠬᠠᠢᠢᠲᠠᠨ ᠲᠤᠬᠠᠢ ᠶᠢᠨ ᠲᠠᠯᠠᠪᠤᠷ ᠲᠤ ᠤᠷᠤᠯᠳᠤᠭᠠᠨ ᠰᠤᠨᠢᠷᠬᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号