ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠳᠤᠭᠤᠶᠢᠯᠠᠩ ᠤᠨ ᠡᠭᠦᠳᠡᠨ ᠪᠥᠮᠪᠦᠭᠡ ᠶᠢᠨ ᠤᠷᠤᠯᠳᠤᠭᠠᠨ ᠤᠯᠠᠭᠠᠨᠴᠠᠪ ᠲᠤ ᠶᠠᠪᠤᠭᠳᠠᠪᠠ
ᠨᠡᠶᠢᠲᠡᠯᠡᠭᠰᠡᠨ ᠴᠠᠭ᠄
2023/5/31
    5 ᠳ᠋ᠤᠭᠠᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠤᠷᠤᠯᠳᠤᠭᠠᠨ ᠤ ᠡᠭᠦᠳᠡᠨ ᠪᠥᠮᠪᠦᠭᠡ ᠶᠢᠨ ᠤᠷᠤᠯᠳᠤᠭᠠᠨ ᠤᠯᠠᠭᠠᠨᠴᠠᠪ ᠲᠤ ᠶᠠᠪᠤᠠᠠᠳᠠᠪᠠ᠃     ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠳᠤᠭᠤᠶᠢᠯᠠᠩ ᠤᠨ ᠡᠭᠦᠳᠡᠨ ᠪᠥᠮᠪᠦᠭᠡ ᠶᠢᠨ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠤᠯᠠᠭᠠᠨᠴᠠᠪ  ᠬᠤᠲᠠ  ᠶᠢᠨ  ᠠᠷᠠᠳ  ᠤᠨ  ᠵᠠᠰᠠᠭ  ᠤᠨ  ᠣᠷᠳᠣᠨ   ᠠᠴᠠ  ᠲᠠᠭᠠᠭᠠᠴᠢᠯᠠᠨ ᠡᠷᠬᠢᠯᠡᠪᠡ᠃     ᠡᠭᠦᠳᠡᠨ ᠪᠥᠮᠪᠦᠭᠡ ᠶᠢᠨ ᠤᠷᠤᠯᠳᠤᠭᠠᠨ ᠭᠤᠷᠪᠠᠨ ᠡᠳᠦᠷ ᠦᠷᠭᠦᠯᠵᠢᠯᠡᠵᠦ᠂ 5 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ ᠰᠢᠢᠳᠪᠦᠷᠢᠲᠦ ᠤᠷᠤᠯᠳᠤᠭᠠᠨ ᠶᠠᠪᠤᠭᠳᠠᠭᠤᠯᠤᠨ᠎ᠠ᠂ ᠪᠥᠬᠦ ᠣᠷᠣᠨ ᠠᠴᠠ ᠢᠷᠡᠭᠰᠡᠨ 11 ᠤᠷᠤᠯᠳᠤᠭᠠᠨ ᠤ  ᠠᠩᠭᠢ ᠶᠢᠨ 92 ᠬᠥᠮᠥᠨ ᠤᠷᠤᠯᠳᠤᠭᠠᠨ ᠳᠤ ᠤᠷᠤᠯᠴᠠᠵᠦ᠂ ᠤᠷᠤᠯᠳᠤᠭᠠᠨ ᠳᠤ ᠡᠭᠡᠯᠵᠢᠯᠡᠬᠦ ᠤᠷᠤᠯᠳᠤᠭᠠᠨ ᠤ ᠳᠦᠷᠢᠮ ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠬᠢᠨᠠᠨ ᠲᠣᠭᠲᠠᠭᠠᠭᠰᠠᠨ ︽ᠡᠭᠦᠳᠡᠨ ᠪᠥᠮᠪᠦᠭᠡ ᠶᠢᠨ ᠤᠷᠤᠯᠳᠤᠭᠠᠨ ᠤ ᠳᠦᠷᠢᠮ ᠬᠢᠭᠡᠳ ᠲᠡᠰᠦᠯᠦᠨ ᠲᠣᠭᠲᠠᠭᠠᠬᠤ ᠠᠷᠭ᠎ᠠ   ︵2015︶︾ ᠶᠢ ᠬᠡᠷᠡᠭᠵᠢᠭᠦᠯᠵᠦ᠂ ᠡᠴᠦᠰ ᠲᠡᠭᠡᠨ ᠲᠡᠷᠢᠭᠦᠨ ᠳᠡᠳ᠋  ᠭᠤᠳᠠᠭᠠᠷ ᠢ ᠰᠢᠯᠭᠠᠷᠠᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号