5 ᠰᠠᠷ᠎ᠠ ᠶᠢᠨ 29 ᠤ ᠡᠳᠦᠷ᠂ ᠪᠥᠬᠦ ᠣᠷᠣᠨ ᠤ ᠬᠥᠯ ᠪᠥᠮᠪᠦᠭᠡ ᠶᠢᠨ ᠬᠦᠷᠢᠶᠡᠨ ᠳᠠᠬᠢ ᠬᠦᠮᠦᠵᠢᠯ | ᠴᠡᠭᠴᠡᠯᠡᠯᠳᠡ ᠶᠢᠨ ᠲᠠᠶᠢᠴᠢᠯᠠᠨ ᠪᠠᠶᠢᠷᠢᠯᠠᠭᠤᠯᠬᠤ ᠬᠤᠷᠠᠯ ᠸᠧᠳᠢᠤ᠋ ᠬᠡᠯᠪᠡᠷᠢ ᠪᠠᠷ ᠬᠤᠷᠠᠯᠳᠤᠵᠤ᠂ ᠥᠪᠡᠷᠲᠡᠭᠡᠨ ᠵᠠᠰᠠᠬᠤ | ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ | ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠪᠥᠬᠦ ᠤᠯᠤᠰ ᠤᠨ ᠬᠥᠯ ᠪᠥᠮᠪᠦᠭᠡ ᠶᠢᠨ ᠬᠦᠷᠢᠶᠡᠨ ᠤ ᠬᠦᠮᠦᠵᠢᠯ ᠴᠡᠭᠴᠡᠯᠡᠯᠳᠡ ᠶᠢᠨ | ᠲᠠᠶᠢᠴᠢᠯᠠᠨ ᠪᠠᠶᠢᠷᠢᠯᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠥᠷ ᠮᠣᠩᠭᠤᠯ ᠤᠨ ᠬᠥᠯ | ᠪᠥᠮᠪᠦᠭᠡ ᠶᠢᠨ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠠᠳᠠᠯᠵᠤ᠂ ᠪᠥᠬᠦ | ᠣᠷᠣᠨ ᠤ ᠬᠥᠯ ᠪᠥᠮᠪᠦᠭᠡ ᠶᠢᠨ ᠬᠦᠷᠢᠶᠡᠨ ᠤ ᠬᠦᠮᠦᠵᠢᠯ ᠴᠡᠭᠴᠡᠯᠡᠯᠳᠡ ᠶᠢᠨ ᠠᠵᠢᠯ ᠢ ᠪᠠᠶᠢᠷᠢᠯᠠᠭᠤᠯᠪᠠ᠃ | ᠸᠠᠩ ᠵᠧᠩ ᠢᠦᠢ ᠠᠴᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠮᠦᠵᠢᠯ | ᠴᠡᠭᠴᠡᠯᠡᠯᠲᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠬᠦᠮᠦᠵᠢᠯ ᠴᠡᠭᠴᠡᠯᠡᠯᠳᠡ | ᠶᠢ ᠦᠷᠨᠢᠭᠦᠯᠬᠦ ᠪᠤᠯ ᠬᠥᠯ ᠪᠥᠮᠪᠦᠭᠡ ᠶᠢᠨ ᠬᠦᠷᠢᠶᠡᠨ ᠳᠠᠬᠢ ᠨᠢᠭᠡ ᠤᠳᠠᠭᠠᠨ ᠤ ᠶᠡᠭᠡ ᠡᠬᠢᠯᠡᠯᠲᠡ᠂ ᠶᠡᠭᠡ | ᠪᠠᠶᠢᠴᠠᠭᠠᠯᠲᠠ᠂ ᠶᠡᠭᠡ ᠴᠡᠭᠴᠡᠯᠡᠯᠲᠡ ᠪᠣᠯᠣᠨ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ | ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠬᠥᠯ ᠪᠥᠮᠪᠦᠭᠡ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ | ᠡᠯ᠎ᠡ ᠱᠠᠲᠤᠨ ᠤ ᠬᠢᠨ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ ᠲᠠᠯ᠎ᠠ ᠠᠴᠠ ᠡᠷᠭᠢᠯᠡᠵᠦ᠂ | ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ | ᠤᠬᠠᠮᠰᠠᠷ ᠠᠴᠠ ᠪᠠᠨ ᠰᠤᠷᠭᠠᠨ ᠬᠦᠮᠦᠵᠢᠭᠦᠯᠦᠨ ᠴᠡᠭᠴᠡᠯᠡᠬᠦ ᠳᠤ ᠣᠷᠣᠯᠴᠠᠵᠤ᠂ ᠢᠯᠡ ᠲᠣᠳᠣ ᠣᠪᠣᠷ᠂ ᠬᠦᠴᠦᠲᠡᠢ | ᠠᠷᠭ᠎ᠠ ᠬᠡᠮᠵᠢᠶ᠎ᠡ᠂ ᠢᠳᠡᠪᠬᠢᠲᠡᠢ ᠠᠵᠢᠯᠯᠠᠭ᠎ᠠ ᠪᠠᠷ ᠢᠶᠠᠨ ᠠᠵᠢᠯ ᠢ ᠯᠠᠪᠳᠠᠭᠤᠨ ᠪᠠᠲᠤᠲᠠᠢ ᠠᠳᠬᠤᠵᠤ᠂ ᠬᠥᠯ | ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠬᠦᠨᠳᠦ ᠳᠠᠷᠤᠭᠠᠰᠤ ᠶᠢ ᠦᠨᠡᠨᠬᠦ ᠡᠭᠦᠷᠭᠡᠯᠡᠬᠦ ᠬᠡᠷᠡᠭᠲᠡᠢ ᠭᠡᠪᠡ᠃ | ᠸᠠᠩ ᠵᠧᠩ ᠢᠦᠢ ᠠᠴᠠ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠦᠮᠦᠵᠢᠯ ᠴᠡᠭᠴᠡᠯᠡᠯᠳᠡ ᠶᠢᠨ ᠡᠯ᠎ᠡ | ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠡᠨᠡ ᠤᠳᠠᠭ᠎ᠠ ᠶᠢᠨ ᠬᠦᠮᠦᠵᠢᠯ ᠴᠡᠭᠴᠡᠯᠡᠯᠳᠡ ᠪᠣᠯ | ᠪᠦᠬᠦ ᠲᠠᠯ᠎ᠠ ᠶᠢᠨ᠂ ᠪᠦᠬᠦ ᠬᠦᠷᠢᠶᠡᠨ ᠤ᠂ ᠪᠦᠬᠦᠨ ᠢ ᠪᠦᠷᠬᠦᠭᠰᠡᠨ᠂ ᠪᠦᠬᠦ ᠡᠯᠧᠮᠧᠨ᠋ᠲ ᠤᠨ ᠨᠢᠭᠡ ᠤᠳᠠᠭ᠎ᠠ ᠶᠢᠨ | ᠥᠪᠡᠷ ᠤᠨ ᠪᠡᠶ᠎ᠡ ᠶᠢᠨ ᠬᠤᠪᠢᠰᠬᠠᠯ ᠪᠣᠯᠣᠨ᠎ᠠ᠃ ᠬᠠᠷᠠᠯᠲᠠ ᠶᠢᠨ ᠡᠭᠦᠷᠭᠡ ᠶᠢ ᠴᠢᠩᠭ᠎ᠠ ᠠᠩᠬᠠᠷᠴᠤ᠂ ᠠᠯᠳᠠᠰᠢ | ᠭᠠᠷᠬᠤ ᠶᠢ ᠰᠡᠷᠭᠡᠶᠢᠯᠡᠨ᠂ ᠳᠤᠲᠠᠭᠤᠳᠠᠯ ᠢ ᠨᠥᠬᠦᠪᠦᠷᠢᠯᠡᠵᠦ᠂ ᠮᠠᠨ ᠤ ᠣᠷᠣᠨ ᠤ ᠬᠥᠯ ᠪᠥᠮᠪᠦᠭᠡ ᠶᠢᠨ | ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠬᠢᠷᠢ ᠲᠦᠪᠰᠢᠨ᠂ ᠰᠤᠷᠲᠠᠯ ᠤᠨ ᠪᠠᠶᠢᠭᠤᠯᠤᠯᠲᠠ ᠶᠢᠨ ᠦᠷ᠎ᠡ | ᠪᠦᠲᠦᠮᠵᠢ᠂ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠦᠷ᠎ᠡ ᠪᠦᠲᠦᠮᠵᠢ᠂ ᠤᠷᠤᠯᠳᠤᠭᠠᠨ ᠤ ᠠᠵᠢᠯᠯᠠᠭ᠎ᠠ ᠶᠢᠨ | ᠵᠠᠰᠠᠯᠲᠠ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠵᠠᠷᠴᠢᠮ ᠢ ᠡᠵᠡᠮᠳᠡᠵᠦ᠂ ᠴᠢᠩᠭ᠎ᠠ | ᠪᠣᠳᠠᠲᠠᠢ ᠪᠠᠶᠢᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠪᠦᠬᠦ ᠲᠠᠯ᠎ᠠ ᠶᠢ ᠪᠦᠷᠬᠦᠭᠦᠯᠬᠦ᠂ ᠯᠠᠪᠳᠠᠭᠤᠨ ᠢᠶᠠᠷ | ᠠᠬᠢᠭᠤᠯᠬᠤ ᠶᠢ ᠪᠠᠷᠢᠮᠲᠠᠯᠠᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ | ᠴᠢᠩᠭᠠᠳᠬᠠᠵᠤ᠂ ᠦᠨᠡᠨ ᠠᠴᠠ ᠵᠥᠪ ᠢ ᠡᠷᠢᠵᠦ᠂ ᠦᠨᠡᠨᠬᠦ ᠰᠤᠷᠤᠯᠴᠠᠵᠤ ᠦᠨᠡᠨᠬᠦ ᠰᠠᠶᠢᠵᠢᠷᠠᠭᠤᠯᠬᠤ ᠬᠡᠷᠡᠭᠲᠡᠢ᠃ | ᠴᠡᠭᠴᠡᠯᠡᠯᠲᠡ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢ | ᠴᠢᠩᠭᠠᠳᠬᠠᠬᠤ ᠲᠠᠢ ᠤᠶᠠᠯᠳᠤᠭᠤᠯᠤᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠴᠢᠩᠭᠠᠳᠬᠠᠵᠤ᠂ ᠳᠦᠷᠢᠮ | ᠲᠣᠭᠲᠠᠭᠠᠯ ᠢ ᠲᠡᠭᠦᠯᠳᠡᠷᠵᠢᠭᠦᠯᠵᠦ᠂ ᠳᠦᠷᠢᠮ ᠤᠨ ᠬᠢᠵᠠᠭᠠᠷᠯᠠᠬᠤ ᠬᠦᠴᠦᠨ ᠪᠠ ᠬᠡᠷᠡᠭᠵᠢᠭᠦᠯᠬᠦ ᠬᠦᠴᠦᠨ ᠢ | ᠴᠢᠩᠭᠠᠳᠬᠠᠵᠤ᠂ ᠣᠪᠣᠷ ᠰᠤᠷᠲᠠᠯ ᠪᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠮᠦᠵᠢᠯ | ᠴᠡᠭᠴᠡᠯᠡᠯᠲᠡ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠤ | ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠠᠰᠠᠭᠤᠳᠠᠯ ᠤᠨ ᠨᠠᠷᠢᠨ ᠲᠠᠩᠰᠠ ᠶᠢ ᠲᠣᠭᠲᠠᠭᠠᠵᠤ᠂ ᠬᠠᠯᠠᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠲᠣᠳᠣᠷᠬᠠᠶᠢᠯᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠴᠠᠭ ᠤᠨ | ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ ᠬᠥᠯ | ᠪᠥᠮᠪᠦᠭᠡ ᠶᠢᠨ ᠠᠵᠢᠯ ᠢ ᠬᠡᠷᠬᠢᠨ ᠠᠳᠬᠤᠬᠤ᠂ ᠡᠩᠨᠡᠭᠡ ᠶᠢ ᠬᠡᠷᠬᠢᠨ ᠪᠠᠶᠢᠭᠤᠯᠬᠤ᠂ ᠵᠠᠯᠠᠭᠤᠴᠤᠳ ᠪᠠᠭᠠᠴᠤᠳ ᠤᠨ | ᠪᠡᠯᠡᠳᠬᠡᠯ ᠡᠩᠨᠡᠭᠡ ᠶᠢ ᠬᠡᠷᠬᠢᠨ ᠠᠳᠬᠤᠬᠤ ᠶᠢ ᠭᠦᠨᠵᠡᠭᠡᠢ ᠪᠣᠳᠣᠯᠬᠢᠯᠠᠵᠤ᠂ ᠬᠠᠷᠢᠴᠠᠭ᠎ᠠ ᠶᠢ ᠤᠯᠠᠮ ᠨᠢᠭᠡ ᠠᠯᠬᠤᠮ | ᠰᠢᠯᠤᠭᠤᠳᠬᠠᠨ᠂ ᠠᠯᠬᠤᠮ ᠳᠠᠷᠠᠭ᠎ᠠ ᠶᠢ ᠠᠳᠬᠤᠬᠤ ᠬᠡᠷᠡᠭᠲᠡᠢ ᠭᠡᠪᠡ᠃ | ᠸᠠᠩ ᠵᠧᠩ ᠢᠦᠢ ᠠᠴᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠥᠮᠦᠵᠢᠯ | ᠴᠡᠭᠴᠡᠯᠡᠯᠲᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠪᠡᠶ᠎ᠡ ᠶᠢᠨ ᠲᠠᠮᠢᠷ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠥᠯ ᠪᠥᠮᠪᠦᠭᠡ ᠶᠢᠨ ᠨᠡᠶᠢᠭᠡᠮᠯᠢᠭ᠂ ᠬᠥᠯ ᠪᠥᠮᠪᠦᠭᠡ ᠶᠢᠨ ᠺᠯᠦ᠋ᠪ᠂ | ᠪᠤᠯᠪᠠᠰᠤᠷᠠᠯ ᠤᠨ ᠪᠠᠶᠢᠭᠤᠯᠤᠮᠵᠢ ᠵᠡᠷᠭᠡ ᠨᠢ ᠬᠦᠮᠦᠵᠢᠯ ᠴᠡᠭᠴᠡᠯᠡᠯᠳᠡ ᠶᠢᠨ ᠰᠢᠭᠤᠳ ᠬᠠᠷᠢᠭᠤᠴᠠᠯᠭ᠎ᠠ ᠶᠢ ᠡᠭᠦᠷᠭᠡᠯᠡᠵᠦ᠂ | ᠲᠣᠰ ᠬᠠᠷᠢᠶ᠎ᠠ ᠣᠷᠣᠨ᠂ ᠲᠣᠰ ᠬᠦᠷᠢᠶ᠎ᠡ ᠴᠠᠷᠠᠭ᠎ᠠ ᠶᠢᠨ ᠬᠦᠮᠦᠵᠢᠯ ᠴᠡᠭᠴᠡᠯᠡᠯᠳᠡ ᠶᠢᠨ ᠠᠵᠢᠯ ᠢ ᠬᠠᠷᠢᠭᠤᠴᠠᠵᠤ᠂ | ᠭᠤᠣᠯ ᠬᠠᠷᠢᠭᠤᠴᠠᠯᠭᠠᠲᠠᠨ ᠨᠢ ᠲᠣᠰ ᠭᠠᠵᠠᠷ ᠣᠷᠣᠨ ᠤ ᠬᠦᠮᠦᠵᠢᠯ ᠴᠡᠭᠴᠡᠯᠡᠯᠳᠡ ᠶᠢᠨ ᠨᠢᠭᠡᠳᠦᠭᠡᠷ | ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠰᠢᠭᠤᠳ ᠠᠳᠬᠤᠵᠤ᠂ | ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠬᠢᠨᠠᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠴᠠᠭ ᠲᠤᠨᠢ ᠲᠣᠬᠢᠷᠠᠭᠤᠯᠤᠨ ᠬᠢᠨᠠᠨ | ᠵᠢᠯᠤᠭᠤᠳᠬᠤ ᠳᠤᠭᠤᠶᠢᠯᠠᠩ ᠪᠠᠶᠢᠭᠤᠯᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ | ᠰᠢᠮᠳᠠᠭᠤᠯᠤᠨ ᠵᠢᠯᠤᠭᠤᠳᠴᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ︔ ᠠᠰᠠᠭᠤᠳᠠᠯ ᠲᠥᠪᠯᠡᠷᠡᠭᠰᠡᠨ᠂ ᠣᠯᠠᠨ | ᠲᠦᠮᠡᠨ ᠤ ᠲᠤᠰᠬᠠᠯ ᠴᠢᠩᠭ᠎ᠠ ᠪᠠᠶᠢᠭ᠎ᠠ ᠨᠡᠶᠢᠭᠡᠮᠯᠢᠭ᠂ ᠺᠯᠦ᠋ᠪ᠂ ᠪᠤᠯᠪᠠᠰᠤᠷᠠᠯ ᠤᠨ ᠪᠠᠶᠢᠭᠤᠯᠤᠮᠵᠢ ᠳᠤ ᠫᠠᠶᠢᠰᠠ ᠡᠯᠭᠦᠨ | ᠰᠢᠪᠠᠳᠠᠨ ᠰᠢᠢᠳᠪᠦᠷᠢᠯᠡᠭᠦᠯᠬᠦ ᠠᠷᠭ᠎ᠠ ᠶᠢ ᠬᠡᠷᠡᠭᠯᠡᠨ᠎ᠡ︔ ᠵᠣᠬᠢᠶᠠᠨ ᠪᠠᠶᠢᠭᠤᠯᠵᠤ ᠤᠳᠤᠷᠢᠳᠤᠭᠰᠠᠨ ᠨᠢ ᠰᠤᠯᠠ᠂ | ᠪᠠᠶᠢᠴᠠᠭᠠᠨ ᠨᠡᠬᠡᠮᠵᠢᠯᠡᠭᠰᠡᠨ ᠠᠰᠠᠭᠤᠳᠠᠯ ᠢ ᠬᠠᠰᠢ ᠶᠠᠰᠢ ᠪᠠᠷ ᠠᠷᠭᠠᠴᠠᠭᠰᠠᠳ ᠠᠴᠠ ᠴᠢᠩᠭ᠎ᠠ ᠬᠠᠷᠢᠭᠤᠴᠠᠯᠭ᠎ᠠ | ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠪᠤᠶᠤ ᠬᠠᠮᠢᠶᠠᠷᠬᠤ ᠡᠷᠬᠡ ᠲᠠᠢ ᠨᠢᠭᠡᠴᠢ ᠳᠤ ᠮᠡᠳᠡᠭᠳᠡᠵᠦ᠂ ᠬᠠᠷᠢᠭᠤᠴᠠᠯᠭ᠎ᠠ | ᠨᠡᠬᠡᠮᠵᠢᠯᠡᠬᠦ ᠰᠠᠨᠠᠭᠤᠯᠭ᠎ᠠ ᠳᠤᠷᠠᠳᠬᠤ ᠬᠡᠷᠡᠭᠲᠡᠢ᠃ ᠡᠯ᠎ᠡ ᠠᠶᠢᠮᠠᠭ ᠬᠤᠲᠠ ᠶᠢᠨ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠬᠥᠯ ᠪᠥᠮᠪᠦᠭᠡ ᠶᠢᠨ ᠬᠥᠭᠵᠢᠯᠲᠡ ᠶᠢᠨ ᠪᠠᠶᠢᠳᠠᠯ ᠪᠠ | ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠬᠥᠮᠦᠵᠢᠯ ᠴᠡᠭᠴᠡᠯᠡᠯᠲᠡ ᠶᠢᠨ ᠪᠠᠶᠢᠳᠠᠯ ᠢ | ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠬᠠᠷᠢᠭᠤᠴᠠᠵᠤ᠂ ᠪᠥᠬᠦ ᠠᠵᠢᠯᠲᠠᠨ ᠤ ᠣᠷᠣᠯᠴᠠᠬᠤ᠂ ᠪᠥᠬᠦ ᠲᠠᠯ᠎ᠠ ᠶᠢ | ᠬᠠᠮᠤᠷᠬᠤ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ | ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠬᠥᠯ ᠪᠥᠮᠪᠦᠭᠡ ᠶᠢᠨ | ᠬᠦᠷᠢᠶ᠎ᠡ ᠶᠢᠨ ᠬᠥᠮᠦᠵᠢᠯ ᠴᠡᠭᠴᠡᠯᠡᠯᠲᠡ ᠶᠢ ᠪᠦᠬᠦ ᠨᠠᠮ ᠤᠨ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ | ᠪᠡᠶ᠎ᠡ ᠶᠢᠨ ᠲᠠᠮᠢᠷ ᠤᠨ ᠰᠢᠰᠲ᠋ᠧᠮ ᠤᠨ ᠦᠵᠡᠯ ᠰᠠᠨᠠᠭ᠎ᠠ ᠶᠣᠰᠣ ᠰᠤᠷᠲᠠᠬᠤᠨ ᠪᠣᠯᠣᠨ ᠰᠤᠷᠲᠠᠯ ᠤᠨ | ᠪᠠᠶᠢᠭᠤᠯᠤᠯᠲᠠ ᠶᠢᠨ ᠲᠤᠰᠬᠠᠢ ᠵᠠᠰᠠᠯᠲᠠ ᠲᠠᠢ ᠤᠶᠠᠯᠳᠤᠭᠤᠯᠵᠤ᠂ ᠬᠥᠯ ᠪᠥᠮᠪᠦᠭᠡ ᠶᠢᠨ ᠬᠦᠷᠢᠶ᠎ᠡ ᠶᠢᠨ ᠡᠳᠦᠷ | ᠲᠤᠳᠤᠮ ᠤᠨ ᠠᠵᠢᠯ ᠲᠠᠢ ᠤᠶᠠᠯᠳᠤᠭᠤᠯᠵᠤ᠂ ᠠᠳᠠᠯᠢ ᠴᠢᠭᠯᠡᠯ ᠢᠶᠠᠷ ᠤᠷᠤᠭᠰᠢᠯᠠᠵᠤ᠂ ᠠᠳᠠᠯᠢ ᠠᠯᠬᠤᠮ ᠢᠶᠠᠷ | ᠤᠷᠤᠭᠰᠢᠯᠠᠵᠤ᠂ ᠣᠷᠭᠠᠨᠢᠭ ᠢᠶᠠᠷ ᠠᠭᠤᠰᠤᠯᠴᠠᠵᠤ᠂ ᠬᠠᠷᠢᠯᠴᠠᠨ ᠠᠬᠢᠭᠤᠯᠬᠤ ᠬᠡᠷᠡᠭᠲᠡᠢ︔ ᠲᠥᠷᠥ ᠶᠢᠨ ᠶᠠᠪᠤᠳᠠᠯ ᠤᠨ | ᠬᠤᠷᠢᠶᠠᠨ ᠤ ᠤᠳᠤᠷᠢᠳᠤᠯᠭ᠎ᠠ ᠶᠢᠨ ︽ᠤᠷᠤᠯᠳᠤᠭᠠᠨ ᠤ ᠲᠠᠯᠠᠪᠤᠷ ᠤᠨ ᠠᠭᠤᠷ ᠠᠮᠢᠰᠬᠤᠯ ᠢ ᠴᠡᠪᠡᠷᠰᠢᠭᠦᠯᠵᠦ᠂ | ᠪᠣᠯᠪᠠᠰᠤᠨ ᠢᠶᠠᠷ ᠤᠷᠤᠯᠳᠤᠭᠠᠨ ᠦᠵᠡᠬᠦ ᠶᠢ ᠬᠥᠲᠥᠯᠥᠨ ᠵᠢᠯᠤᠭᠤᠳᠬᠤ︾ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ | ᠤᠷᠤᠯᠳᠤᠭᠠᠨ ᠢ ᠲᠠᠭᠠᠭᠠᠴᠢᠯᠠᠨ ᠡᠷᠭᠢᠯᠡᠬᠦ ᠨᠢᠭᠡᠴᠢ ᠨᠦᠭᠦᠳ ᠳᠣᠲᠣᠭᠠᠳᠤ ᠶᠢ ᠬᠠᠮᠠᠭᠠᠯᠠᠬᠤ᠂ ᠤᠬᠠᠭᠤᠯᠬᠤ ᠵᠡᠷᠭᠡ | ᠰᠠᠯᠠᠭ᠎ᠠ ᠮᠥᠴᠢᠷ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠪᠠ | ᠤᠷᠤᠯᠳᠤᠭᠠᠨ ᠤ ᠲᠠᠯᠠᠪᠤᠷ ᠤᠨ ᠡᠮᠬᠢ ᠳᠢᠭᠯᠢᠮ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠭᠡᠨᠡᠳᠲᠡ ᠶᠢᠨ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠢ ᠰᠠᠶᠢᠲᠤᠷ ᠬᠢᠵᠦ᠂ ︽ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ | ᠲᠠᠮᠢᠷ ᠤᠨ ᠴᠤᠭᠯᠠᠭᠠᠨ︾ ᠵᠡᠷᠭᠡ ᠤᠷᠤᠯᠳᠤᠭᠠᠨ ᠤ ᠠᠵᠢᠯᠯᠠᠭ᠎ᠠ ᠶᠢᠨ ᠤᠷᠤᠯᠳᠤᠭᠠᠨ ᠤ ᠰᠤᠷᠲᠠᠯ ᠤᠷᠤᠯᠳᠤᠭᠠᠨ ᠤ | ᠰᠠᠬᠢᠯᠭ᠎ᠠ ᠪᠠᠲᠤ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠯᠪᠠᠰᠤᠨ ᠪᠤᠰᠤ ᠪᠠᠷ | ᠤᠷᠤᠯᠳᠤᠭᠠᠨ ᠦᠵᠡᠬᠦ ᠢ ᠡᠷᠡᠰ ᠲᠡᠪᠴᠢᠬᠦ ᠬᠡᠷᠡᠭᠳᠡᠢ ᠃ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠤᠯᠤᠰ | ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠵᠢᠷᠤᠮᠯᠠᠵᠤ᠂ ᠵᠣᠬᠢᠶᠠᠨ | ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ | ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠨᠠᠶᠢᠳᠠᠪᠤᠷᠢᠵᠢᠭᠤᠯᠵᠤ᠂ ᠲᠤᠬᠠᠶᠢᠯᠠᠭᠰᠠᠨ ᠠᠵᠢᠯ ᠢᠶᠠᠨ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠲᠣᠬᠢᠷᠠᠭᠤᠯᠬᠤ ᠬᠡᠷᠡᠭᠲᠡᠢ ᠭᠡᠪᠡ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠸᠦ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠯ ᠪᠥᠮᠪᠦᠭᠡ ᠶᠢᠨ ᠬᠦᠷᠢᠶᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠬᠡᠷᠡᠭᠵᠢᠭᠦᠯᠬᠦ | ᠲᠦᠰᠦᠯ︾ ᠢ ᠲᠠᠶᠢᠯᠪᠤᠷᠢᠯᠡᠪᠡ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠬᠤᠷᠠᠯ ᠢ ᠡᠷᠭᠢᠯᠡᠪᠡ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠨ᠂ | ᠬᠠᠮᠢᠶ᠎ᠠ ᠪᠦᠬᠦᠢ ᠭᠠᠵᠠᠷ ᠭᠡᠷ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠬᠥᠮᠥᠰ᠂ ᠥᠪᠥᠷ ᠮᠣᠩᠭᠤᠯ ᠤᠨ | ᠬᠥᠯ ᠪᠥᠮᠪᠦᠭᠡ ᠶᠢᠨ ᠨᠡᠶᠢᠭᠡᠮᠯᠢᠭ ᠤᠨ ᠤᠳᠤᠷᠢᠳᠬᠤ ᠪᠠᠭ ᠤᠨ ᠭᠡᠰᠢᠭᠦᠨ ᠵᠢᠴᠢ ᠡᠯ᠎ᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ ᠤᠨ ᠪᠦᠯᠬᠦᠮ ᠤᠨ | ᠭᠡᠰᠢᠭᠦᠳ ᠤᠨ ᠳᠣᠲᠣᠷᠠᠬᠢ ᠬᠥᠯ ᠪᠥᠮᠪᠦᠭᠡ ᠶᠢᠨ ᠺᠯᠦ᠋ᠪ ᠤᠨ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠶ ᠳᠤ | ᠣᠷᠣᠯᠴᠠᠪᠠ᠃ ᠡᠯ᠎ᠡ ᠠᠶᠢᠮᠠᠭ ᠬᠤᠲᠠ ᠶᠢᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠭᠤᠣᠯ ᠬᠠᠷᠢᠭᠤᠴᠠᠯᠭᠠᠲᠠᠨ ᠵᠢᠴᠢ ᠬᠥᠯ ᠪᠥᠮᠪᠦᠭᠡ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ | ᠪᠠᠭ ᠤᠨ ᠭᠡᠰᠢᠭᠦᠨ᠂ ᠡᠯ᠎ᠡ ᠠᠶᠢᠮᠠᠭ ᠬᠤᠲᠠ ᠶᠢᠨ ᠬᠥᠯ ᠪᠥᠮᠪᠦᠭᠡ ᠶᠢᠨ ᠨᠡᠶᠢᠭᠡᠮᠯᠢᠭ ᠤᠨ ᠭᠤᠣᠯ ᠬᠠᠷᠢᠭᠤᠴᠠᠯᠭᠠᠲᠠᠨ | ᠨᠡᠷ ᠸᠧᠳᠢᠤ᠋ ᠬᠤᠷᠠᠯ ᠤᠨ ᠬᠤᠪᠢᠶᠠᠷᠢ ᠬᠤᠷᠠᠯ ᠤᠨ ᠲᠠᠯᠠᠪᠠᠶ ᠳᠤ ᠬᠦᠷᠴᠦ ᠤᠷᠤᠯᠴᠠᠪᠠ᠃ |