ᠶᠠᠩ ᠵᠢᠶᠠ ᠢᠦᠢ ᠳᠡᠯᠡᠬᠡᠢ ᠶᠢᠨ ᠶᠡᠭᠡ ᠤᠷᠤᠯᠳᠤᠭᠠᠨ ᠳᠤ ᠳᠠᠬᠢᠨᠲᠠ ᠮᠠᠩᠯᠠᠶᠢᠯᠠᠪᠠ
ᠨᠡᠶᠢᠲᠡᠯᠡᠭᠰᠡᠨ ᠴᠠᠭ᠄
2023/5/6
    4 ᠰᠠᠷ᠎ᠠ ᠶᠢᠨ 30  ᠤ ᠡᠳᠦᠷ᠂ ᠦᠪᠦᠷ ᠮᠤᠩᠭᠤᠯ ᠤᠨ ᠲᠠᠮᠢᠷᠴᠢᠨ ᠶᠠᠩ ᠵᠢᠶᠠ ᠢᠦᠢ 43 ᠮᠢᠨᠦ᠋ᠲ 20 ᠰᠧᠺᠦ᠋ᠨ᠋ᠳ᠋ ᠤᠨ ᠬᠢᠷᠢ ᠪᠦᠲᠦᠮᠵᠢ ᠪᠠᠷ ᠳᠡᠯᠡᠬᠡᠢ ᠶᠢᠨ ᠬᠦᠨᠳᠦ ᠬᠥᠩᠭᠡᠨ ᠤ ᠲᠠᠮᠢᠷ ᠤᠨ ᠬᠤᠯᠪᠣᠭᠠᠨ ᠤ ᠠᠯᠬᠤᠭ᠎ᠠ ᠤᠷᠤᠯᠳᠤᠭᠠᠨ ᠤ ᠮᠠᠳ᠋ᠷᠢᠳ᠋ ᠦᠷᠳᠡᠭᠡ ᠶᠢᠨ ᠡᠮᠡᠭᠲᠡᠢ ᠶᠢᠨ 10 ᠺᠢᠯᠤᠮᠧᠲᠷ ᠤᠨ ᠤᠷᠤᠯᠳᠤᠭᠠᠨ ᠳᠤ ᠮᠠᠩᠯᠠᠶᠢᠯᠠᠪᠠ᠃ ᠡᠨᠡ ᠪᠣᠯ ᠶᠠᠩ ᠵᠢᠶᠠ ᠢᠦᠢ ᠲᠤᠰ ᠤᠷᠤᠯᠳᠤᠭᠠᠨ ᠤ ᠤᠯᠠᠷᠢᠯ ᠳᠤ ᠠᠩᠬ᠎ᠠ ᠤᠳᠠᠭ᠎ᠠ ᠳᠡᠯᠡᠬᠡᠢ ᠶᠢᠨ ᠶᠡᠭᠡ ᠤᠷᠤᠯᠳᠤᠭᠠᠨ ᠳᠤ 10 ᠺᠢᠯᠣᠮᠧᠲᠷ ᠤᠨ ᠤᠷᠤᠯᠳᠤᠭᠠᠨ ᠢ ᠲᠤᠷᠰᠢᠵᠤ ᠪᠠᠶᠢᠭ᠎ᠠ ᠶᠠᠪᠤᠳᠠᠯ ᠪᠣᠯᠣᠨ᠎ᠠ᠂ ᠳᠤᠮᠳᠠᠳᠤ ᠤᠯᠤᠰ ᠤᠨ ᠨᠥᠭᠦᠭᠡ ᠨᠢᠭᠡ ᠲᠠᠮᠢᠷᠴᠢᠨ ᠦ᠋ ᠴᠢᠤᠸᠠᠨ ᠮᠢᠩ 43 ᠮᠢᠨᠦ᠋ᠲ 33 ᠰᠧᠺᠦ᠋ᠨ᠋ᠳ᠋ ᠢᠶᠠᠷ ᠲᠡᠳ᠋ᠯᠡᠪᠠ᠃
    3 ᠰᠠᠷ᠎ᠠ ᠳᠤ ᠠᠨᠾᠦ᠋ᠢ ᠶᠢᠨ ᠬᠤᠸᠠᠩᠱᠠᠨ ᠳᠤ ᠶᠠᠪᠤᠭᠳᠠᠭᠰᠠᠨ 2023 ᠣᠨ ᠤ ᠪᠥᠬᠦ ᠤᠯᠤᠰ ᠤᠨ ᠠᠯᠬᠤᠭ᠎ᠠ ᠤᠷᠤᠯᠳᠤᠭᠠᠨ ᠤ ᠲᠣᠮᠣ ᠱᠠᠩᠨᠠᠯᠲᠤ ᠤᠷᠤᠯᠳᠤᠭᠠᠨ ︵1 ᠳ᠋ᠤᠭᠡᠷ ᠥᠷᠲᠡᠭᠡ︶ ᠵᠢᠴᠢ ᠳᠡᠯᠡᠬᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠴᠢ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠯᠭᠠᠷᠠᠭᠤᠯᠬᠤ ᠤᠷᠤᠯᠳᠤᠭᠠᠨ ᠳᠤ ᠶᠠᠩ ᠵᠢᠶᠠ ᠢᠦᠢ ᠡᠮᠡᠭᠲᠡᠢ ᠶᠢᠨ 20 ᠺᠢᠯᠣᠮᠧᠲᠷ ᠤᠨ ᠮᠠᠩᠯᠠᠢ ᠳᠤ ᠰᠢᠯᠭᠠᠷᠠᠭᠰᠠᠨ ᠤ ᠬᠠᠮᠲᠤ 2023 ᠣᠨ ᠤ ᠠᠷᠪᠠ ᠶᠢᠰᠦᠳᠦᠭᠡᠷ ᠬᠤᠭᠤᠴᠠᠭᠠᠨ ᠤ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠬᠠᠩᠭᠠᠷᠢ ᠶᠢᠨ ᠪᠦᠳᠡᠫᠧᠰᠲ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠬᠤ ᠬᠢᠷᠢ ᠬᠡᠮ ᠢ ᠣᠯᠪᠠ᠃     ᠣᠶᠢᠷ᠎ᠠ ᠶᠢᠨ ᠵᠢᠯ ᠳᠤ᠂ ᠶᠠᠩ ᠵᠢᠶᠠ ᠢᠦᠢ ᠤᠷᠢᠳ ᠬᠤᠵᠢᠳ ᠪᠦᠬᠦ ᠤᠯᠤᠰ ᠤᠨ ᠲᠠᠮᠢᠷ ᠤᠨ ᠴᠤᠭᠯᠠᠭᠠᠨ᠂ ᠠᠽᠢᠶ᠎ᠠ ᠲᠢᠪ ᠤᠨ ᠲᠠᠮᠢᠷ ᠤᠨ ᠴᠤᠭᠯᠠᠭᠠᠨ᠂ ᠳᠡᠯᠡᠬᠡᠢ ᠶᠢᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠤᠯᠠᠨ ᠶᠡᠭᠡ ᠤᠷᠤᠯᠳᠤᠭᠠᠨ ᠳᠤ ᠮᠠᠩᠯᠠᠶᠢᠯᠠᠪᠠ᠃ 2021 ᠣᠨ ᠤ 3 ᠰᠠᠷ᠎ᠠ ᠶᠢᠨ 20 ᠤ ᠡᠳᠦᠷ᠂ ᠪᠥᠬᠦ ᠤᠯᠤᠰ ᠤᠨ ᠠᠯᠬᠤᠭ᠎ᠠ ᠤᠷᠤᠯᠳᠤᠭᠠᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠴᠢ ᠲᠤᠤᠺᠢᠤ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠯᠭᠠᠷᠠᠭᠤᠯᠬᠤ ᠤᠷᠤᠯᠳᠤᠭᠠᠨ ᠤ ᠡᠮᠡᠭᠲᠡᠢ ᠶᠢᠨ 20 ᠺᠢᠯᠣᠮᠧᠲᠷ ᠤᠨ ᠤᠷᠤᠯᠳᠤᠭᠠᠨ ᠳᠤ 1 ᠴᠠᠭ 23 ᠮᠢᠨᠦ᠋ᠲ 49 ᠰᠧᠺᠦ᠋ᠨ᠋ᠳ᠋ ᠤᠨ ᠬᠢᠷᠢ ᠪᠦᠲᠦᠮᠵᠢ ᠪᠠᠷ ᠮᠠᠩᠯᠠᠶᠢᠯᠠᠵᠤ᠂ ᠲᠤᠰ ᠤᠷᠤᠯᠳᠤᠭᠠᠨ ᠤ ᠳᠡᠯᠡᠬᠡᠢ ᠶᠢᠨ ᠲᠡᠮᠳᠡᠭᠯᠡᠯ ᠢ ᠡᠭᠦᠳᠦᠭᠰᠡᠨ ᠪᠥᠭᠡᠳ ᠣᠲᠣ ᠪᠣᠯᠲᠠᠯ᠎ᠠ ᠰᠢᠨᠡᠳᠬᠡᠭᠳᠡᠭᠡ ᠦᠭᠡᠢ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号