ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠳᠡᠮᠵᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤᠨ ᠠᠶᠠᠨ ᠳᠤ ᠮᠤᠷᠳᠠᠬᠤ ᠶᠤᠰᠤᠯᠠᠯ ᠶᠠᠪᠤᠠᠠᠳᠠᠪᠠ
ᠨᠡᠶᠢᠲᠡᠯᠡᠭᠰᠡᠨ ᠴᠠᠭ᠄
2023/5/6
    5 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠳᠡᠮᠵᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠶᠠᠨ ᠳᠤ ᠮᠤᠷᠳᠠᠬᠤ ᠶᠤᠰᠤᠯᠠᠯ ᠬᠦᠬᠡᠬᠤᠳᠠ ᠳᠤ ᠶᠠᠪᠤᠠᠠᠳᠠᠪᠠ᠃
    ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠥᠸᠧ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠭᠠᠨ ᠬᠦᠮᠦᠵᠢᠯ ᠤᠨ ᠶᠡᠷᠦᠩᠬᠡᠢ ᠪᠠᠶᠢᠴᠠᠭᠠᠭᠴᠢ ᠰᠢᠤᠸᠠᠢ ᠪᠦᠦ ᠵᠢᠶᠠᠩ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠬᠤ᠋ ᠴᠧᠩ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ ᠳᠡᠳ᠋ ᠱᠦᠵᠢ ᠯᠢᠦ ᠰᠢᠶᠣᠣ ᠢᠦᠢ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠳᠡᠮᠵᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠲᠤᠭ ᠭᠠᠷᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠭᠠᠨ ᠬᠦᠮᠦᠵᠢᠯ ᠤᠨ ᠶᠡᠷᠦᠩᠬᠡᠢ  ᠪᠠᠶᠢᠴᠠᠭᠠᠭᠴᠢ ᠰᠢᠤᠸᠠᠢ ᠪᠦᠦ ᠵᠢᠶᠠᠩ ᠠᠴᠠ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢ ᠲᠥᠷᠬᠦ ᠶᠢᠨ ᠡᠯᠴᠢᠨ᠂ ᠨᠢᠳᠤᠷᠭᠠᠨ ᠲᠡᠮᠡᠴᠡᠭᠡᠨ ᠤ ᠳᠡᠯᠡᠬᠡᠢ ᠶᠢᠨ ᠮᠠᠩᠯᠠᠢ ᠳ᠋ᠧᠦ ᠳ᠋ᠠᠨ ᠳᠤ ᠤᠷᠢᠯᠭ᠎ᠠ ᠶᠢᠨ ᠪᠢᠴᠢᠭ ᠭᠠᠷᠳᠠᠭᠤᠯᠵᠤ᠂ ᠪᠥᠬᠦ ᠰᠠᠶᠢᠨ ᠳᠤᠷ᠎ᠠ ᠶᠢᠨ ᠠᠵᠢᠯᠯᠠᠭᠴᠢᠳ ᠢ ᠲᠠᠶᠢᠴᠢᠯᠠᠨ ᠲᠠᠩᠭᠠᠷᠢᠭᠯᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠥᠸᠧ ᠵᠢᠶᠦ᠋ᠨ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠳᠡᠮᠵᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠮᠣᠷᠳᠠᠭᠰᠠᠨ ᠢ ᠵᠠᠷᠯᠠᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠵᠠᠩ ᡁᠢ ᠦᠭᠡ ᠶᠠᠷᠢᠪᠡ᠃
    ᠲᠤᠰ ᠤᠳᠠᠭ᠎ᠠ ᠶᠢᠨ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠳᠡᠮᠵᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠲᠢᠶᠠᠨᠵᠢᠨ ᠤ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠪᠤᠭᠤᠲᠤ ᠬᠤᠳᠠ ᠶᠢᠨ ᠪᠠᠭᠰᠢ ᠶᠢᠨ ᠳᠡᠭᠡᠳᠦ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ ᠵᠡᠷᠭᠡ ᠲᠦᠷᠪᠡᠨ ᠶᠡᠭᠡ ᠳᠡᠭᠡᠳᠦ ᠰᠤᠷᠭᠠᠭᠤᠯᠢ ᠶᠢᠨ 66 ᠬᠥᠮᠥᠨ ᠢᠶᠠᠷ ᠪᠦᠷᠢᠯᠳᠦᠨ᠂ ᠬᠥᠬᠡᠬᠤᠲᠠ ᠶᠢᠨ ᠦᠴᠦᠸᠠᠨ ᠰᠢᠶᠠᠨ᠂ ᠪᠤᠭᠤᠲᠤ ᠬᠤᠳᠠ ᠶᠢᠨ ᠭᠦᠶᠠᠩ ᠰᠢᠶᠠᠨ᠂ ᠪᠤᠭᠤᠲᠤ ᠬᠤᠳᠠ ᠶᠢᠨ ᠲᠦᠮᠡᠳ ᠪᠠᠷᠠᠭᠤᠨ ᠬᠤᠰᠢᠭᠤ᠂ ᠤᠯᠠᠭᠠᠨᠴᠠᠪ ᠬᠤᠳᠠ ᠶᠢᠨ ᠳᠥᠷᠪᠡᠳ ᠬᠤᠰᠢᠭᠤ᠂ ᠪᠠᠶᠠᠨᠨᠠᠭᠤᠷ ᠬᠤᠳᠠ ᠶᠢᠨ ᠯᠢᠨ ᠾᠧ ᠲᠣᠭᠤᠷᠢᠭ ᠤᠨ 55 ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ᠂ ᠬᠤᠶᠠᠷ ᠰᠠᠷ᠎ᠠ ᠭᠠᠷᠤᠢ ᠶᠢᠨ ᠬᠤᠭᠤᠴᠠᠭ᠎ᠠ ᠲᠠᠢ ᠪᠡᠶ᠎ᠡ ᠶᠢᠨ ᠲᠠᠮᠢᠷ ᠤᠨ ᠬᠢᠴᠢᠶᠡᠯ ᠤᠨ ᠵᠢᠭᠠᠨ ᠰᠤᠷᠭᠠᠯᠲᠠ ᠪᠠ ᠪᠡᠶ᠎ᠡ ᠶᠢᠨ ᠲᠠᠮᠢᠷ ᠤᠨ ᠦᠢᠯᠡᠳᠦᠯᠭᠡ ᠶᠢ ᠵᠢᠯᠤᠭᠤᠳᠬᠤ ᠠᠵᠢᠯ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ 29000 ᠭᠠᠷᠤᠢ ᠰᠤᠷᠤᠭᠴᠢᠳ ᠲᠤ ᠠᠰᠢᠭ ᠬᠦᠷᠳᠡᠭᠡᠬᠦ ᠪᠤᠯᠤᠨ᠎ᠡ᠃
    ᠲᠤᠰ ᠤᠳᠠᠭ᠎ᠠ ᠶᠢᠨ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠳᠡᠮᠵᠢᠬᠦ ᠵᠣᠷᠢᠯᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢᠯᠠᠩᠭᠤᠶ᠎ᠠ ᠵᠠᠯᠠᠭᠤ ᠰᠤᠷᠤᠭᠴᠢᠳ ᠤᠨ ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ᠂ ᠪᠦᠯᠬᠦᠮᠳᠡᠨ  ᠲᠡᠮᠡᠴᠡᠬᠦ ᠶᠢ  ᠬᠦᠳᠦᠯᠦᠨ  ᠲᠠᠭᠠᠭᠤᠯᠵᠦ᠂     ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠶᠤᠮ᠃  ᠬᠠᠷᠠᠭ᠎ᠠ ᠮᠠᠭᠤᠳᠠᠬᠤ᠂ ᠮᠠᠷᠢᠶᠠᠯᠠᠬᠤ᠂ ᠨᠢᠷᠤᠭᠤ ᠮᠤᠷᠤᠶᠢᠬᠤ ᠵᠡᠷᠭᠡ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ᠠᠰᠠᠭᠤᠳᠠᠯ ᠵᠢᠴᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠬᠦᠷᠦᠯᠴᠡᠬᠦ ᠦᠭᠡᠢ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠯᠠᠭᠤᠴᠤᠳ ᠪᠠᠭᠠᠴᠤᠳ ᠢ ᠬᠠᠪᠰᠤᠷᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤᠮᠳᠠ ᠬᠠᠪᠤ ᠴᠡᠩᠭᠡᠯ ᠡᠳ᠋ᠯᠡᠭᠦᠯᠵᠦ᠂ ᠪᠡᠶ᠎ᠡ ᠮᠠᠬᠠᠪᠤᠳ ᠢ ᠨᠢ ᠴᠢᠭᠢᠷᠠᠭᠵᠢᠭᠤᠯᠤᠨ᠂ ᠬᠥᠮᠥᠨ ᠴᠢᠨᠠᠷ ᠢ ᠨᠢ ᠲᠡᠭᠦᠯᠳᠡᠷᠵᠢᠭᠦᠯᠵᠦ᠂ ᠰᠥᠰᠥ ᠵᠣᠷᠢᠭ ᠢ ᠨᠢ ᠳᠠᠪᠲᠠᠨ ᠪᠣᠯᠪᠠᠰᠤᠷᠠᠭᠤᠯᠤᠨ᠎ᠠ᠃ ᠬᠥᠳᠡᠯᠭᠡᠭᠡᠨ ᠤ ᠬᠤᠭᠤᠴᠠᠭᠠᠨ ᠳᠤ᠂ ᠵᠢᠭᠠᠨ ᠰᠤᠷᠭᠠᠯᠲᠠ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠠᠳᠠᠯᠢ ᠪᠤᠰᠤ ᠣᠨ ᠳᠤ ᠦᠨᠳᠦᠰᠦᠨ ᠪᠡᠶ᠎ᠡ ᠶᠢᠨ ᠲᠠᠮᠢᠷ ᠤᠨ ᠮᠡᠳᠡᠯᠭᠡ ᠪᠠ ᠦᠨᠳᠦᠰᠦᠨ ᠬᠥᠳᠡᠯᠭᠡᠭᠡᠨ ᠤ ᠤᠷ᠎ᠠ ᠴᠢᠳᠠᠪᠤᠷᠢ ᠶᠢ ᠵᠢᠭᠠᠵᠦ᠂ ᠪᠡᠶ᠎ᠡ ᠶᠢᠨ ᠲᠠᠮᠢᠷ ᠤᠨ ᠪᠠᠭᠰᠢ ᠳᠤ ᠬᠠᠮᠤᠭ ᠤᠨ ᠰᠢᠨ᠎ᠡ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠢ ᠤᠯᠠᠮᠵᠢᠯᠠᠨ᠎ᠠ᠃ ᠡᠭᠦᠨ ᠤ ᠬᠠᠮᠲᠤ ᠪᠠᠰᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠬᠤᠯᠪᠣᠭᠠᠲᠤ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠡᠶ᠎ᠡ ᠶᠢᠨ ᠲᠠᠮᠢᠷ ᠤᠨ ᠮᠠᠩᠯᠠᠢ ᠶᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠣᠴᠢᠭᠤᠯᠵᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠢ ᠤᠯᠠᠮᠵᠢᠯᠠᠭᠤᠯᠬᠤ ᠶᠢᠨ ᠬᠠᠮᠲᠤ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠳᠡᠮᠵᠢᠬᠦ ᠪᠠ ᠵᠢᠭᠠᠨ ᠰᠤᠷᠭᠠᠬᠤ ᠳᠤᠮᠳᠠ ᠪᠡᠶ᠎ᠡ ᠶᠢᠨ ᠲᠠᠮᠢᠷ ᠤᠨ ᠬᠢᠷᠢ ᠪᠦᠲᠦᠮᠵᠢ ᠪᠠᠷ ᠲᠣᠪᠣᠶᠢᠮ᠎ᠠ ᠰᠣᠷᠣᠭᠴᠢ ᠪᠠ ᠭᠡᠷ ᠪᠦᠯᠢ ᠶᠢᠨ ᠨᠥᠬᠦᠴᠡᠯ ᠬᠠᠷᠢᠴᠠᠩᠭᠤᠢ ᠬᠦᠴᠢᠷᠳᠡᠯᠲᠡᠢ ᠰᠣᠷᠣᠭᠴᠢ ᠶᠢ ᠤᠷᠢᠵᠤ ᠨᠡᠶᠢᠲᠡ ᠶᠢᠨ ᠠᠰᠠᠷᠠᠮᠵᠢ ᠶᠢᠨ ᠵᠤᠰᠠᠯᠠᠩ ᠵᠡᠷᠭᠡ ᠬᠠᠮᠢᠶ᠎ᠠ ᠪᠦᠬᠦᠢ ᠠᠵᠢᠯᠯᠠᠭ᠎ᠠ ᠳᠤ ᠤᠷᠤᠯᠴᠠᠭᠤᠯᠬᠤ ᠪᠤᠯᠤᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号