5 ᠰᠠᠷ᠎ᠠ ᠶᠢᠨ 4 ᠤ ᠡᠳᠦᠷ᠂ 5 ᠡᠳᠦᠷ ᠤᠨ ᠬᠤᠭᠤᠴᠠᠭ᠎ᠠ ᠲᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠠᠢ ᠴᠢᠤᠸᠠᠨ ᠳ᠋ᠣᠣ ᠶᠢᠨ | ᠬᠢᠷᠢ ᠬᠡᠮ ᠤᠨ ᠤᠷᠤᠯᠳᠤᠭᠠᠨ ᠵᠢᠴᠢ ᠲᠠᠯᠠᠪᠤᠷ ᠤᠨ ᠰᠤᠷᠢᠯᠳᠠ ᠤᠷᠤᠯᠳᠤᠭᠠᠨ ᠣᠷᠳᠣᠰ ᠬᠤᠲᠠ ᠶᠢᠨ ᠪᠡᠶ᠎ᠡ ᠶᠢᠨ | ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠪᠡᠶ᠎ᠡ ᠶᠢᠨ ᠲᠠᠮᠢᠷ ᠤᠨ ᠤᠷᠳᠤᠨ ᠳᠤ ᠶᠠᠪᠤᠠᠠᠳᠠᠪᠠ᠃ | ᠤᠷᠤᠯᠳᠤᠭᠠᠨ ᠳᠤ ᠡᠷᠡᠭᠲᠡᠢ᠂ ᠡᠮᠡᠭᠲᠡᠢ ᠶᠢᠨ 60 ᠵᠢᠵᠢᠭ ᠤᠷᠤᠯᠳᠤᠭᠠᠨ ᠢ ᠲᠣᠬᠢᠷᠠᠭᠤᠯᠪᠠ᠃ ᠪᠥᠬᠦ ᠣᠷᠣᠨ ᠤ 12 | ᠲᠥᠯᠥᠭᠡᠯᠡᠭᠴᠢᠳ ᠤᠨ ᠠᠩᠭᠢ ᠶᠢᠨ 518 ᠲᠠᠮᠢᠷᠴᠢᠳ ᠤᠷᠤᠯᠴᠠᠵᠦ᠂ ᠡᠯ᠎ᠡ ᠲᠠᠰ ᠤᠨ ᠲᠡᠭᠡᠳᠦ 16 ᠨᠡᠷᠡᠰ ᠲᠤ | ᠣᠷᠣᠭᠰᠠᠨ ᠲᠠᠮᠢᠷᠴᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ | ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠬᠢᠷᠢ ᠬᠡᠮ ᠢ | ᠣᠯᠬᠤ ᠪᠣᠯᠣᠨ᠎ᠠ᠃ | | ᠲᠣᠰ ᠤᠳᠠᠭᠠᠨ ᠤ ᠰᠣᠷᠢᠯᠲᠠ ᠤᠷᠤᠯᠳᠤᠭᠠᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠤᠨ ᠤ ᠤᠷᠤᠯᠳᠤᠭᠠᠨ ᠤ ᠲᠦᠷᠦᠯ | ᠵᠦᠢᠯ ᠤᠨ ᠰᠤᠷᠢᠯᠳᠠ ᠤᠷᠤᠯᠳᠤᠭᠠᠨ ᠤ ᠨᠢᠭᠡ ᠪᠤᠯᠤᠨ᠎ᠡ᠃ ᠲᠠᠢ ᠴᠢᠤᠸᠠᠨ ᠳ᠋ᠣᠣ ᠶᠢᠨ ᠲᠦᠷᠦᠯ ᠵᠦᠢᠯ ᠤᠨ | ᠠᠵᠢᠯᠯᠠᠭᠠᠨ ᠢ ᠵᠢᠯᠤᠭᠤᠳᠬᠤ᠂ ᠤᠷᠤᠯᠳᠤᠭᠠᠨ ᠢ ᠵᠣᠬᠢᠶᠠᠨ ᠪᠠᠶᠢᠭᠤᠯᠬᠤ᠂ ᠲᠠᠯᠠᠪᠤᠷ ᠤᠨ ᠪᠠᠳᠤᠯᠠᠭ᠎ᠠ᠂ ᠰᠣᠨᠢᠨ | ᠮᠡᠳᠡᠭᠡ ᠤᠬᠠᠭᠤᠯᠭ᠎ᠠ ᠶᠢᠨ ᠠᠵᠢᠯ ᠵᠡᠷᠭᠡ ᠶᠠᠪᠤᠴᠠ ᠶᠢ ᠪᠦᠬᠦ ᠲᠠᠯ᠎ᠠ ᠪᠠᠷ ᠰᠢᠯᠭᠠᠨ ᠪᠠᠶᠢᠴᠠᠭᠠᠵᠤ᠂ ᠭᠡᠨᠡᠳᠲᠡ ᠶᠢᠨ | ᠬᠡᠷᠡᠭ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠣᠯᠣᠨ ᠤᠷᠤᠯᠳᠤᠭᠠᠨ ᠢ ᠵᠣᠬᠢᠶᠠᠨ ᠪᠠᠶᠢᠭᠤᠯᠬᠤ᠂ ᠦᠢᠯᠡᠴᠢᠯᠡᠭᠡ ᠶᠢ | ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠤ ᠲᠠᠢ | ᠴᠢᠤᠸᠠᠨ ᠳ᠋ᠣᠣ ᠶᠢᠨ ᠤᠷᠤᠯᠳᠤᠭᠠᠨ ᠤ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ |