ᠪᠥᠬᠦ ᠤᠯᠤᠰ ᠤᠨ ᠤᠮᠪᠠᠯᠲᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠡᠷᠡᠭᠳᠡᠢ ᠶᠢᠨ 200 ᠮᠧᠲᠷ ᠤᠨ ᠡᠷᠪᠡᠬᠡᠢ ᠤᠮᠪᠠᠯᠲᠠ ᠶᠢᠨ ᠤᠷᠤᠯᠳᠤᠭᠠᠨ ᠳᠤ ᠮᠠᠨ ᠤ ᠣᠷᠣᠨ ᠤ ᠲᠠᠮᠢᠷᠴᠢᠨ ᠨᠢᠦ ᠭᠤᠸᠠᠩ ᠱᠧᠩ ᠮᠥᠩᠭᠦᠨ ᠮᠧᠳᠠᠯ ᠣᠯᠪᠠ
ᠨᠡᠶᠢᠲᠡᠯᠡᠭᠰᠡᠨ ᠴᠠᠭ᠄
2023/5/8
    5 ᠰᠠᠷ᠎ᠠ ᠶᠢᠨ 1 ᠤ ᠡᠳᠦᠷ ᠠᠴᠠ 6 ᠤ ᠡᠳᠦᠷ ᠪᠣᠯᠲᠠᠯ᠎ᠠ᠂ 2023 ᠣᠨ ᠤ ᠪᠥᠬᠦ ᠤᠯᠤᠰ ᠤᠨ ᠤᠮᠪᠠᠯᠲᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠧᠵᠢᠶᠠᠩ ᠮᠤᠵᠢ ᠶᠢᠨ ᠬᠠᠩᠵᠧᠦ ᠬᠤᠲᠠ ᠳᠤ ᠶᠠᠪᠤᠭᠳᠠᠵᠤ᠂ ᠪᠥᠬᠦ ᠤᠯᠤᠰ ᠤᠨ ᠡᠯ᠎ᠡ ᠮᠤᠵᠢ ᠣᠷᠣᠨ ᠬᠤᠲᠠ ᠶᠢᠨ 26 ᠲᠥᠯᠥᠭᠡᠯᠡᠭᠴᠢᠳ ᠤᠨ ᠠᠩᠭᠢ ᠶᠢᠨ 469 ᠲᠠᠮᠢᠷᠴᠢᠨ ᠣᠷᠣᠯᠴᠠᠵᠠᠢ᠃ ᠮᠠᠨ ᠤ ᠣᠷᠣᠨ 6 ᠲᠠᠮᠢᠷᠴᠢᠨ ᠲᠣᠮᠢᠯᠠᠨ 10 ᠪᠠᠭ᠎ᠠ ᠲᠦᠷᠦᠯ ᠤᠨ ᠤᠷᠤᠯᠳᠤᠭᠠᠨ ᠳᠤ ᠣᠷᠣᠯᠴᠠᠭᠤᠯᠵᠤ᠂ 1 ᠲᠠᠮᠢᠷᠴᠢᠨ ᠳᠡᠳ᠋᠂ 1 ᠲᠠᠮᠢᠷᠴᠢᠨ ᠵᠢᠷᠭᠤᠳᠤᠭᠠᠷ᠂ 1 ᠲᠠᠮᠢᠷᠴᠢᠨ ᠳᠣᠯᠣᠳᠤᠭᠠᠷ ᠲᠤ ᠤᠷᠤᠭᠰᠠᠨ ᠬᠢᠷᠢ ᠪᠦᠲᠦᠮᠵᠢ ᠣᠯᠪᠠ᠃ ᠡᠭᠦᠨ ᠳᠤ ᠨᠢᠦ ᠭᠤᠸᠠᠩ ᠱᠧᠩ ᠡᠷᠡᠭᠲᠡᠢ ᠶᠢᠨ 200 ᠮᠧᠲᠷ ᠤᠨ ᠡᠷᠪᠡᠬᠡᠢ ᠤᠮᠪᠠᠯᠲᠠ ᠶᠢᠨ ᠤᠷᠤᠯᠳᠤᠭᠠᠨ ᠳᠤ ᠲᠡᠳ᠋ᠯᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号