5 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠳᠠᠷᠤᠭ᠎ᠠ ᠳ᠋ᠦ᠋ ᠪᠥᠸᠧ ᠵᠢᠶᠦ᠋ᠨ ᠪᠤᠭᠤᠲᠤ ᠬᠤᠲᠠ ᠳᠤ ᠬᠦᠷᠴᠦ᠂ ︽ᠵᠠᠰᠠᠭ ᠤᠨ ᠣᠷᠳᠣᠨ ᠤ ᠠᠵᠢᠯ ᠤᠨ | ᠢᠯᠡᠳᠬᠡᠯ︾ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠠᠬᠢ ᠪᠡᠶ᠎ᠡ ᠶᠢᠨ ᠲᠠᠮᠢᠷ ᠤᠨ ᠲᠥᠷᠥᠯ ᠵᠦᠢᠯ ᠢ | ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ | | ᠳ᠋ᠦ᠋ ᠪᠥᠸᠧ ᠵᠢᠶᠦ᠋ᠨ ᠤᠷᠢᠳ ᠬᠤᠵᠢᠳ ᠰᠠᠶᠢᠬᠠᠨ ᠲᠠᠯ᠎ᠠ ᠪᠡᠶ᠎ᠡ ᠴᠢᠭᠢᠷᠠᠭᠵᠢᠭᠤᠯᠬᠤ ᠵᠠᠮ᠂ ᠪᠤᠭᠤᠲᠤ | ᠬᠤᠲᠠ ᠶᠢᠨ ᠪᠡᠶ᠎ᠡ ᠶᠢᠨ ᠲᠠᠮᠢᠷ ᠤᠨ ᠲᠥᠪ ᠤᠨ ᠤᠷᠳᠤᠨ ᠳᠣᠲᠣᠷᠠᠬᠢ ᠲᠡᠰᠢᠯᠲᠡ ᠶᠢᠨ ᠲᠠᠯᠠᠪᠠᠶ᠂ ᠵᠢᠤᠶᠤᠸᠠᠨ | ᠲᠣᠭᠤᠷᠢᠭ ᠤᠨ ᠮᠠ ᡂᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠬᠦᠷᠴᠦ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ | ᠳ᠋ᠦ᠋ ᠪᠥᠸᠧ ᠵᠢᠶᠦ᠋ᠨ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠳᠠᠬᠢ ᠪᠡᠶ᠎ᠡ ᠶᠢᠨ ᠲᠠᠮᠢᠷ ᠤᠨ ᠡᠭᠦᠷᠭᠡ ᠶᠢ ᠪᠡᠶᠡᠯᠡᠭᠦᠯᠬᠦ ᠪᠣᠯ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠴᠢᠬᠤᠯᠠ ᠠᠷᠭ᠎ᠠ | ᠬᠡᠮᠵᠢᠶ᠎ᠡ ᠮᠥᠨ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠶᠢᠨ ︽ᠬᠠᠮᠢᠭ᠎ᠠ ᠣᠴᠢᠬᠤ︾ ᠠᠰᠠᠭᠤᠳᠠᠯ ᠢ | ᠰᠢᠢᠳᠪᠦᠷᠢᠯᠡᠬᠦ ᠪᠦᠲᠦᠮᠵᠢᠲᠡᠢ ᠠᠷᠭ᠎ᠠ ᠵᠠᠮ ᠮᠥᠨ᠂ ᠪᠥᠬᠦ ᠵᠢᠯ ᠤᠨ ᠪᠡᠶ᠎ᠡ ᠶᠢᠨ ᠲᠠᠮᠢᠷ ᠤᠨ ᠠᠵᠢᠯ ᠤᠨ | ᠭᠤᠣᠯᠳᠠᠯᠭ᠎ᠠ ᠲᠠᠢ ᠡᠭᠦᠷᠭᠡ ᠮᠥᠨ᠃ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ ᠵᠠᠷᠤᠳᠠᠯ ᠢ | ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠡᠯᠡ | ᠮᠥᠩᠭᠦ ᠶᠢᠨ ᠪᠠᠲᠤᠯᠠᠭ᠎ᠠ ᠬᠠᠩᠭᠠᠬᠤ ᠬᠡᠷᠡᠭᠲᠡᠢ︔ ᠠᠵᠢᠯ ᠤᠨ ᠬᠢᠨᠠᠨ ᠵᠢᠯᠣᠭᠤᠳᠤᠯᠭ᠎ᠠ ᠪᠠᠨ ᠴᠢᠩᠭᠠᠳᠬᠠᠵᠤ᠂ | ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠥᠬᠦ | ᠬᠦᠴᠦᠨ ᠢᠶᠠᠷ ᠢᠶᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠪᠤᠭᠤᠲᠤ ᠬᠤᠲᠠ ᠶᠢᠨ ᠥᠷᠭᠡᠨ ᠣᠯᠠᠨ ᠲᠦᠮᠡᠨ ᠳᠤ | ᠨᠢᠭᠡ ᠬᠤᠪᠢ ᠠᠷᠠᠳ ᠤᠨ ᠠᠮᠢᠳᠤᠷᠠᠯ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ | ᠭᠡᠵᠦ ᠵᠢᠭᠠᠵᠦ ᠭᠠᠷᠭᠠᠪᠠ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᡁᠢ᠂ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠭᠠᠵᠠᠷ ᠭᠡᠷ ᠤᠨ | ᠬᠠᠷᠢᠭᠤᠴᠠᠯᠭᠠᠲᠠᠨ᠂ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠥᠮᠥᠰ ᠪᠠᠷ᠎ᠠ | ᠪᠣᠯᠵᠤ ᠪᠠᠶᠢᠴᠠᠭᠠᠨ ᠰᠤᠳᠤᠯᠤᠯᠲᠠ ᠬᠢᠪᠡ᠃ |