5 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ ᠥᠪᠥᠷ | ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠦᠷ ᠴᠠᠭ ᠤᠨ | ᠰᠤᠷᠭᠠᠭᠤᠯᠢ ᠶᠢᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠦᠯᠭᠦᠢ ᠦᠢᠯᠡᠳᠪᠦᠷᠢᠯᠡᠯ | ᠤᠨ ᠠᠵᠢᠯ ᠢ ᠪᠠᠶᠢᠴᠠᠭᠠᠨ ᠰᠤᠳᠤᠯᠪᠠ᠃ | ᠸᠠᠩ ᠵᠧᠩ ᠢᠦᠢ ᠰᠤᠷᠤᠭᠴᠢᠳ ᠤᠨ ᠪᠠᠶᠢᠷᠢ᠂ ᠬᠢᠴᠢᠶᠡᠯ ᠤᠨ ᠭᠡᠷ᠂ ᠬᠤᠭᠤᠯᠠᠨ ᠭᠡᠷ᠂ ᠪᠡᠶ᠎ᠡ ᠶᠢᠨ ᠲᠠᠮᠢᠷ ᠤᠨ | ᠲᠠᠯᠠᠪᠠᠢ ᠵᠡᠷᠭᠡ ᠲᠠᠯᠠᠪᠤᠷ ᠲᠤ ᠭᠦᠨᠵᠡᠭᠡᠶᠢᠷᠡᠵᠦ᠂ ᠬᠠᠮᠢᠶ᠎ᠠ ᠪᠦᠬᠦᠢ ᠬᠥᠮᠥᠰ ᠲᠠᠢ ᠰᠠᠨᠠᠯ ᠢᠶᠠᠨ ᠰᠣᠯᠢᠯᠴᠠᠵᠤ᠂ ᠲᠦᠷ | ᠴᠠᠭ ᠤᠨ ᠰᠤᠷᠭᠠᠭᠤᠯᠢ ᠶᠢᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠦᠯᠭᠦᠢ | ᠦᠢᠯᠡᠳᠪᠦᠷᠢᠯᠡᠯ ᠤᠨ ᠠᠵᠢᠯ ᠤᠨ ᠲᠠᠯ᠎ᠠ ᠪᠠᠷ ᠬᠢ ᠪᠠᠶᠢᠳᠠᠯ ᠢ ᠨᠠᠷᠢᠨ ᠣᠶᠢᠯᠠᠭᠠᠵᠤ᠂ ᠤᠳᠤ ᠶᠢᠨ ᠣᠷᠣᠰᠢᠵᠤ ᠪᠠᠶᠢᠭ᠎ᠠ | ᠠᠰᠠᠭᠤᠳᠠᠯ ᠢ ᠵᠢᠭᠠᠨ ᠵᠢᠯᠣᠭᠤᠳᠪᠠ᠃ | ᠸᠠᠩ ᠵᠧᠩ ᠢᠦᠢ ᠠᠴᠠ ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ | ᠴᠢᠬᠤᠯᠠᠴᠢᠯᠠᠨ ᠰᠠᠶᠢᠲᠤᠷ ᠬᠢᠬᠦ ᠬᠡᠷᠡᠭᠲᠡᠢ᠃ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠡᠶᠡᠴᠢ ᠴᠣᠭᠴᠠ ᠶᠢᠨ ᠬᠠᠷᠢᠭᠤᠴᠠᠯᠭᠠᠲᠤ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠭᠦᠢᠴᠡᠳ ᠪᠠᠶᠢᠬᠤ ᠶᠢ ᠭᠦᠢᠴᠡᠳ ᠪᠠᠲᠤᠯᠠᠨ᠂ | ᠰᠤᠷᠤᠭᠴᠢᠳ ᠤᠨ ᠡᠳᠦᠷ ᠲᠤᠲᠤᠮ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠰᠤᠷᠤᠯᠭ᠎ᠠ ᠠᠮᠢᠳᠤᠷᠠᠯ ᠤᠨ | ᠣᠷᠴᠢᠨ ᠨᠥᠬᠦᠴᠡᠯ ᠤᠨ ᠠᠷᠢᠭᠤᠳᠬᠠᠨ ᠴᠡᠪᠡᠯᠡᠬᠦ ᠶᠢ ᠴᠢᠩᠭᠠᠳᠬᠠᠵᠤ᠂ ᠰᠤᠷᠤᠭᠴᠢᠳ ᠤᠨ ᠡᠷᠡᠭᠦᠯ ᠮᠡᠨᠳᠦ ᠶᠢᠨ | ᠤᠯᠠᠭ᠎ᠠ ᠥᠷᠲᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠠᠮᠤᠷ ᠲᠦᠪᠰᠢᠨ ᠲᠣᠭᠲᠠᠭᠤᠨ ᠤ ᠠᠵᠢᠯ ᠢ | ᠴᠢᠩᠭᠠᠳᠬᠠᠬᠤ ᠬᠡᠷᠡᠭᠲᠡᠢ᠃ ᠠᠮᠤᠷ ᠲᠦᠪᠰᠢᠨ ᠤ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠪᠠᠭᠰᠢ | ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠤᠨ ᠬᠥᠮᠦᠵᠢᠯ ᠢ ᠴᠢᠩᠭᠠᠳᠬᠠᠵᠤ᠂ ᠲᠦᠷ ᠴᠠᠭ ᠤᠨ | ᠰᠤᠷᠭᠠᠭᠤᠯᠢ ᠶᠢᠨ ᠲᠣᠭᠤᠷᠢᠭ ᠤᠨ ᠠᠮᠤᠷ ᠲᠦᠪᠰᠢᠨ ᠤ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠭᠤᠷᠪᠠ ᠳᠤ᠂ | ︽ᠰᠤᠷᠤᠭᠴᠢ ᠪᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠤᠢ ᠪᠣᠯᠭᠠᠵᠤ᠂ ᠰᠤᠷᠤᠭᠴᠢᠳ ᠤᠨ ᠡᠳᠦᠷ | ᠳᠤᠳᠤᠮ ᠤᠨ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ | ᠰᠤᠷᠤᠭᠴᠢᠳ ᠤᠨ ᠠᠮᠢᠳᠤᠷᠠᠯ ᠰᠤᠷᠤᠯᠴᠠᠯᠭ᠎ᠠ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ | ᠰᠤᠷᠤᠭᠴᠢᠳ ᠤᠨ ᠦᠵᠡᠯ ᠰᠠᠨᠠᠭᠠᠨ ᠤ ᠠᠵᠢᠯ ᠢ ᠰᠠᠶᠢᠲᠤᠷ ᠬᠢᠵᠦ᠂ ᠰᠤᠷᠤᠭᠴᠢᠳ ᠤᠨ ᠪᠠᠴᠢᠮ ᠬᠦᠴᠢᠷ | ᠵᠣᠪᠠᠨᠢᠯ ᠤᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠳᠥᠷᠪᠡ ᠳᠤ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠪᠠ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠳᠡᠭᠡᠭᠰᠢᠯᠡᠯᠲᠡ ᠶᠢ ᠴᠢᠬᠤᠯᠠᠴᠢᠯᠠᠵᠤ᠂ | ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠮᠥᠷᠥᠨ ᠳᠡᠭᠡᠷ᠎ᠡ ᠪᠠᠨ | ᠡᠭᠦᠷᠭᠡᠯᠡᠵᠦ᠂ ᠭᠠᠷ ᠲᠠᠭᠠᠨ ᠠᠳᠬᠤᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠰᠤᠷᠤᠭᠴᠢᠳ ᠢ | ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠣᠶᠤᠨ ᠴᠢᠳᠠᠯ ᠢ ᠨᠢ ᠰᠤᠷᠤᠯᠴᠠᠯᠭ᠎ᠠ ᠳᠡᠭᠡᠷ᠎ᠡ ᠲᠠᠯᠪᠢᠭᠤᠯᠵᠤ᠂ | ᠲᠤᠰᠬᠠᠢ ᠮᠡᠷᠭᠡᠵᠢᠯ ᠤᠨ ᠮᠡᠳᠡᠯᠭᠡ ᠶᠢ ᠨᠢ ᠯᠠᠪᠳᠠᠭᠤᠨ ᠪᠠᠲᠤᠲᠠᠢ ᠪᠠᠶᠢᠯᠭᠠᠵᠤ᠂ ᠰᠤᠷᠭᠠᠭᠤᠯᠢ ᠶᠢᠨ ᠬᠦᠷᠢᠶᠡᠨ ᠤ ᠡᠶ᠎ᠡ | ᠵᠣᠬᠢᠴᠠᠯ ᠲᠠᠢ ᠰᠣᠶᠣᠯ ᠤᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ ᠭᠡᠪᠡ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠦ᠋᠂ ᠪᠠᠶᠢᠭᠤᠯᠭ᠎ᠠ ᠶᠢᠨ ᠬᠠᠮᠢᠶ᠎ᠠ ᠪᠦᠬᠦᠢ ᠭᠠᠵᠠᠷ ᠭᠡᠷ᠂ | ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ | ᠬᠦᠮᠦᠰ ᠪᠠᠷ᠎ᠠ ᠪᠤᠯᠵᠦ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃ |