︽ᠡᠵᠢ ᠡ᠂ ᠪᠦᠬᠡ ᠪᠠᠷᠢᠯᠳᠤᠶ᠎ᠡ︕︾
ᠨᠡᠶᠢᠲᠡᠯᠡᠭᠰᠡᠨ ᠴᠠᠭ᠄
2023/6/13
    ᠭᠠᠨᠰᠤ ᠮᠤᠵᠢ ᠶᠢᠨ ᠵᠢᠦᠴᠢᠦᠸᠠᠨ ᠬᠤᠲᠠ ᠶᠢᠨ ᠰᠦᠪᠧᠢ ᠶᠢᠨ ᠮᠣᠩᠭᠤᠯ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠠᠵᠢᠯᠲᠠᠨ ᠤᠷᠠᠩᠭᠤᠸ᠎ᠠ ᠠᠴᠠ ︽ᠥᠩᠭᠡᠷᠡᠭᠰᠡᠨ ᠳᠤ ᠪᠢ ᠡᠵᠢ ᠲᠠᠢ ᠪᠠᠨ ᠪᠦᠬᠡ ᠪᠠᠷᠢᠯᠳᠤᠳᠠᠭ ᠪᠠᠶᠢᠭᠰᠠᠨ᠂ ᠤᠳᠤ ᠬᠡᠦᠬᠡᠳ ᠮᠢᠨᠢ ᠨᠠᠳᠠ ᠲᠠᠢ ᠬᠠᠮᠲᠤ ᠪᠥᠬᠡ ᠪᠠᠷᠢᠯᠳᠤᠬᠤ ᠪᠤᠯᠤᠭᠰᠠᠨ︾ ᠭᠡᠵᠦ ᠪᠠᠶᠢᠯ᠎ᠠ᠃ ᠪᠥᠬᠡ ᠪᠠᠷᠢᠯᠳᠤᠬᠤ ᠨᠢ ᠬᠡᠳᠦᠶᠢᠪᠡᠷ ᠲᠡᠭᠦᠨ ᠤ ᠠᠵᠢᠯ ᠤᠨ ᠴᠢᠯᠦᠭᠡᠨ ᠤ ᠳᠤᠷ᠎ᠠ ᠪᠠᠬ᠎ᠠ ᠪᠣᠯᠬᠤ ᠪᠣᠯᠪᠠᠴᠤ ᠮᠥᠨ ᠴᠦ ᠲᠡᠭᠦᠨ ᠤ ᠨᠠᠰᠤᠨ ᠲᠤᠷᠰᠢᠲᠠ ᠪᠠᠨ ᠪᠠᠷᠢᠮᠲᠠᠯᠠᠬᠤ ᠲᠠᠮᠢᠷ ᠤᠨ ᠬᠥᠳᠡᠯᠭᠡᠭᠡᠨ ᠪᠤᠯᠤᠨ᠎ᠡ᠃    1993 ᠣᠨ ᠳᠤ ᠮᠠᠯᠵᠢᠬᠤ ᠤᠷᠤᠨ ᠳᠤ ᠲᠦᠷᠦᠭᠰᠡᠨ ᠤᠷᠠᠩᠭᠤᠸ᠎ᠠ ᠬᠠᠷᠠᠬᠠᠨ ᠪᠠᠭ᠎ᠠ ᠠᠴᠠ ᠪᠠᠨ ᠭᠡᠷ ᠤᠨ ᠬᠥᠮᠥᠰ ᠢᠶᠠᠨ ᠬᠠᠪᠰᠤᠷᠴᠤ ᠠᠵᠢᠯ ᠠᠮᠢᠳᠤᠷᠠᠯ ᠳᠤ ᠨᠢ ᠲᠤᠰᠠ ᠪᠤᠯᠳᠠᠭ᠃ ᠲᠡᠷᠡ᠄ ︽ᠦᠷᠭᠦᠯᠵᠢ ᠠᠵᠢᠯ ᠬᠢᠭᠰᠡᠨ  ᠤ ᠰᠢᠯᠳᠠᠭᠠᠨ ᠪᠠᠶᠢᠵᠦ ᠮᠡᠳᠡᠨ᠎ᠡ᠂ ᠮᠢᠨᠤ ᠬᠦᠴᠦ ᠴᠢᠳᠠᠯ ᠶᠡᠭᠡ︾ ᠭᠡᠵᠦ ᠪᠠᠶᠢᠯ᠎ᠠ᠃    2012 ᠣᠨ ᠳᠤ ᠠᠩᠬ᠎ᠠ ᠲᠤᠮᠳᠠᠳᠦ ᠶᠢᠨ ᠰᠤᠷᠤᠭᠴᠢ ᠪᠠᠶᠢᠭᠰᠠᠨ ᠤᠷᠠᠩᠭᠤᠸ᠎ᠠ ᠡᠮᠡᠭᠲᠡᠢ ᠪᠦᠬᠡ ᠶᠢᠨ ᠪᠠᠷᠢᠯᠳᠤᠭᠠᠨ ᠲᠠᠢ ᠠᠩᠬ᠎ᠠ ᠡᠬᠢᠯᠡᠨ ᠤᠶᠢᠷᠠᠳᠤᠭᠰᠠᠨ ᠪᠠᠶᠢᠪᠡ᠃ ᠬᠦᠴᠦ ᠳᠣᠷᠪᠢᠲᠠᠢ᠂ ᠮᠠᠳᠠᠷᠠᠮᠵᠢ ᠰᠠᠶᠢᠳᠠᠢ ᠤᠷᠠᠩᠭᠤᠸ᠎ᠠ ᠤᠷᠤᠯᠳᠤᠭᠠᠨ ᠳᠤ ᠨᠡᠯᠢᠶᠡᠳ ᠰᠠᠶᠢᠨ ᠬᠢᠷᠢ ᠪᠦᠳᠦᠮᠵᠢ ᠤᠯᠤᠭᠰᠠᠨ ᠪᠥᠭᠡᠳ ᠪᠥᠬᠡ ᠪᠠᠷᠢᠯᠳᠤᠬᠤ ᠶᠢᠨ ᠬᠠᠪᠤ ᠴᠡᠩᠭᠡᠯ ᠢ ᠴᠦ ᠣᠯᠵᠤ ᠮᠡᠳᠡᠭᠰᠡᠨ ᠪᠠᠶᠢᠨ᠎ᠠ᠃ ᠲᠡᠭᠦᠨ ᠠᠴᠠ ᠬᠤᠶᠢᠰᠢ  ᠲᠡᠷᠡ ᠡᠮᠡᠭᠲᠡᠢ ᠪᠥᠬᠡ ᠶᠢᠨ ᠪᠠᠷᠢᠯᠳᠤᠭᠠᠨ ᠳᠤ ᠦᠷᠭᠦᠯᠵᠢ ᠤᠷᠤᠯᠴᠠᠬᠤ ᠪᠤᠯᠵᠠᠢ᠃    ᠶᠡᠭᠡ ᠰᠤᠷᠭᠠᠭᠤᠯᠢ ᠳᠤ ᠣᠷᠣᠬᠤ ᠠᠴᠠ ᠡᠮᠦᠨ᠎ᠡ᠂ ᠤᠷᠠᠩᠭᠤᠸ᠎ᠠ ᠶᠠᠮᠠᠷ ᠴᠤ ᠪᠦᠬᠡ ᠶᠢᠨ ᠮᠡᠷᠭᠡᠵᠢᠯ ᠰᠣᠷᠣᠭᠰᠠᠨ ᠦᠭᠡᠢ᠂ ᠲᠡᠭᠦᠨ ᠤ  ᠡᠵᠢ ᠨᠢ ᠪᠠᠰᠠ ᠪᠦᠬᠡᠴᠢᠨ ᠪᠤᠯᠬᠤᠷ ᠬᠠᠶᠠ ᠡᠵᠢ ᠲᠠᠢ ᠪᠠᠨ ᠬᠠᠮᠲᠤ ᠪᠣᠯᠪᠠᠰᠤᠷᠠᠳᠠᠭ ᠪᠠᠶᠢᠪᠠ᠃ 2000 ᠣᠨ ᠳᠤ᠂ ᠰᠦᠪᠧᠢ ᠰᠢᠶᠠᠨ ᠪᠠᠶᠢᠭᠤᠯᠤᠭᠳᠠᠭᠰᠠᠨ 50 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠤᠨ ᠪᠦᠬᠡ ᠶᠢᠨ ᠤᠷᠤᠯᠳᠤᠭᠠᠨ ᠳᠤ᠂ ᠤᠷᠠᠩᠭᠤᠸ᠎ᠠ ᠶᠢᠨ ᠡᠵᠢ ᠨᠢ ᠡᠮᠡᠭᠲᠡᠢ ᠶᠢᠨ ᠪᠦᠬᠡ ᠶᠢᠨ ᠭᠤᠷᠪᠠᠳᠤᠭᠠᠷ ᠲᠤ ᠣᠷᠣᠪᠠ᠃ 2010 ᠣᠨ ᠳᠤ᠂ 17 ᠨᠠᠰᠤᠲᠠᠢ ᠤᠷᠠᠩᠭᠤᠸ᠎ᠠ ᠰᠦᠪᠧᠢ ᠰᠢᠶᠠᠨ ᠪᠠᠶᠢᠭᠤᠯᠤᠭᠳᠠᠭᠰᠠᠨ 60 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠤᠨ ᠪᠦᠬᠡ ᠶᠢᠨ ᠤᠷᠤᠯᠳᠤᠭᠠᠨ ᠤ ᠡᠮᠡᠭᠲᠡᠢ ᠶᠢᠨ ᠪᠥᠬᠡ ᠶᠢᠨ  ᠤᠷᠤᠯᠳᠤᠭᠠᠨ ᠳᠤ ᠳᠥᠷᠪᠡᠳᠦᠭᠡᠷ ᠲᠤ ᠣᠷᠣᠵᠠᠢ᠃ ᠤᠷᠠᠩᠭᠤᠸ᠎ᠠ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ᠂ ᠰᠦᠪᠧᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠳᠤ ᠰᠢᠯᠭᠠᠨ ᠣᠷᠣᠪᠠ᠃ ᠭᠡᠪᠡᠴᠦ ᠲᠡᠷᠡ ᠪᠥᠬᠡ ᠪᠠᠷᠢᠯᠳᠤᠬᠤ ᠪᠠᠨ ᠤᠷᠬᠢᠭᠰᠠᠨ ᠦᠭᠡᠢ᠃ ᠰᠦᠪᠧᠢ ᠰᠢᠶᠠᠨ ᠤ ᠪᠠᠶᠠᠷ ᠤᠨ ᠡᠳᠦᠷ ᠴᠦ ᠲᠡᠷᠡ᠂ ᠪᠡᠶ᠎ᠡ ᠶᠢᠨ ᠲᠠᠮᠢᠷ ᠤᠨ ᠴᠤᠭᠯᠠᠭᠠᠨ ᠳᠤ ᠴᠤ ᠲᠡᠷᠡ᠂ ᠤᠷᠠᠩᠭᠤᠸ᠎ᠠ ᠶᠡᠷᠦᠨᠢ ᠢᠳᠡᠪᠬᠢᠲᠡᠢ ᠪᠠᠷ ᠨᠡᠷ᠎ᠡ ᠮᠡᠳᠡᠭᠦᠯᠵᠦ ᠣᠷᠣᠯᠴᠠᠳᠠᠭ᠃ ᠤᠷᠠᠩᠭᠤᠸ᠎ᠠ ︽ᠪᠢ ᠪᠥᠬᠡ ᠳᠤ ᠳᠤᠷᠠᠲᠠᠢ᠂ ᠤᠴᠢᠷ ᠨᠢ ᠪᠥᠬᠡ ᠨᠢ ᠲᠠᠮᠢᠷ ᠲᠡᠩᠬᠡᠭᠡ ᠶᠢ ᠪᠣᠯᠪᠠᠰᠤᠷᠠᠭᠤᠯᠬᠤ ᠪᠠᠷ ᠪᠠᠷᠠᠬᠤ ᠦᠭᠡᠢ᠂ ᠪᠠᠰᠠ ᠬᠠᠷᠢᠭᠤ ᠲᠤᠰᠬᠠᠯ ᠪᠠ ᠮᠠᠭᠠᠳᠯᠠᠬᠤ ᠴᠢᠳᠠᠪᠤᠷᠢ ᠶᠢ ᠪᠣᠯᠪᠠᠰᠤᠷᠠᠭᠤᠯᠳᠠᠭ︾  ᠭᠡᠵᠦ ᠪᠠᠶᠢᠪᠠ᠃    ᠤᠷᠠᠩᠭᠤᠸ᠎ᠠ ᠶᠢᠨ ᠨᠥᠬᠦᠷ ᠨᠢ ᠴᠦ ᠪᠥᠬᠡ ᠳᠤ ᠪᠠᠭ᠋ᠠᠲᠠᠢ᠂ ᠲᠡᠳᠡ ᠦᠷᠭᠦᠯᠵᠢ ᠪᠦᠬᠡ ᠶᠢᠨ ᠮᠡᠭᠡ ᠮᠠᠷᠭᠡᠵᠢᠯ ᠤᠨ ᠲᠤᠬᠠᠢ ᠶᠠᠷᠢᠯᠴᠠᠳᠠᠭ᠃ ᠬᠡᠷᠯᠡᠭᠰᠡᠨ ᠠᠴᠠ ᠪᠠᠨ ᠰᠡᠭᠦᠯᠡᠷ᠂ ᠨᠦᠬᠦᠷ ᠨᠢ ᠡᠵᠢ ᠶᠢ ᠨᠢ ᠤᠷᠤᠯᠠᠵᠦ᠂ ᠬᠠᠮᠳᠦ ᠪᠦᠬᠡ ᠪᠠᠷᠢᠯᠳᠤᠬᠤ ᠪᠤᠯᠵᠠᠢ᠃ ᠤᠷᠠᠩᠭᠤᠸ᠎ᠠ ᠥᠪᠡᠷ ᠢᠶᠠᠨ ᠬᠡᠦᠬᠡᠳ ᠲᠠᠢ ᠪᠤᠯᠤᠭᠰᠠᠨ ᠤ ᠲᠠᠷᠠᠭ᠎ᠠ᠂ ᠭᠡᠷ ᠪᠦᠯᠢ ᠶᠢᠨ ᠨᠥᠯᠥᠭᠡ ᠠᠴᠠ ᠪᠤᠯᠵᠦ᠂ ᠬᠤᠶᠠᠷ ᠬᠡᠦᠬᠡᠳ ᠨᠢ ᠴᠦ ᠪᠥᠬᠡ ᠪᠠᠷᠢᠯᠳᠤᠬᠤ ᠳᠤ ᠮᠠᠰᠢ ᠳᠤᠷᠠᠲᠠᠢ᠂ ᠦᠷᠭᠦᠯᠵᠢ ︽ᠡᠵᠢ ᠡ᠂ ᠪᠥᠬᠡ ᠪᠠᠷᠢᠯᠳᠤᠶ᠎ᠠ︾  ᠭᠡᠬᠦ ᠪᠤᠯᠪᠠ᠃    ᠤᠷᠠᠩᠭᠤᠸ᠎ᠠ ᠶᠢᠨ ᠠᠵᠢᠯ ᠶᠠᠭᠠᠷᠠᠦ ᠪᠦᠭᠡᠳ ᠬᠤᠶᠠᠷ ᠬᠡᠦᠬᠡᠳ ᠢᠶᠠᠨ ᠬᠠᠷᠠᠭᠠᠯᠵᠠᠬᠤ ᠬᠡᠷᠡᠭᠲᠡᠢ ᠪᠣᠯᠪᠠᠴᠤ ᠪᠥᠬᠡ ᠪᠠᠷᠢᠯᠳᠤᠬᠤ ᠪᠠᠨ ᠢᠮᠠᠭᠲᠠ ᠪᠠᠷᠢᠮᠲᠠᠯᠠᠭᠰᠠᠭᠠᠷ ᠢᠷᠡᠵᠡᠢ᠂ ᠣᠶᠢᠷ᠎ᠠ ᠳᠤ᠂ ᠲᠡᠷᠡ 8 ᠰᠠᠷ᠎ᠠ ᠳᠤ ᠶᠠᠪᠤᠭᠳᠠᠬᠤ ᠰᠦᠪᠧᠢ ᠰᠢᠶᠠᠨ ᠤ 2023 ᠣᠨ ᠤ ᠨᠠᠭᠠᠳᠤᠮ ᠤᠨ ᠶᠡᠭᠡ ᠬᠤᠷᠠᠯ ᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠪᠥᠬᠡ ᠶᠢᠨ ᠤᠷᠤᠯᠳᠤᠭᠠᠨ ᠳᠤ ᠪᠡᠯᠡᠳᠬᠡᠯ ᠬᠢᠵᠦ ᠪᠤᠢ᠂ ᠲᠡᠷᠡ ᠤᠷᠤᠯᠳᠤᠭᠠᠨ ᠤ ᠳᠤᠮᠳᠠ ᠨᠡᠩ ᠤᠯᠠᠨ ᠰᠢᠯᠢᠳᠡᠭ ᠲᠠᠮᠢᠷᠴᠢᠨ ᠲᠠᠢ ᠬᠠᠮᠲᠤ ᠪᠥᠬᠡ ᠶᠢᠨ ᠤᠷ᠎ᠠ ᠮᠡᠷᠭᠡᠵᠢᠯ ᠢᠶᠠᠨ ᠰᠣᠯᠢᠯᠴᠠᠬᠤ ᠶᠢ ᠬᠦᠰᠡᠵᠦ ᠪᠠᠶᠢᠨ᠎ᠠ ᠭᠡᠵᠦ ᠪᠠᠶᠢᠪᠠ᠃    ᠪᠦᠬᠡ ᠪᠠᠷᠢᠯᠳᠤᠬᠤ ᠪᠤᠯ ᠮᠤᠩᠭᠤᠯ ᠦᠨᠳᠦᠰᠦᠳᠡᠨ ᠤ ᠭᠤᠷᠪᠠᠨ ᠶᠡᠭᠡ ᠲᠠᠮᠢᠷ ᠤᠨ ︵ᠪᠥᠬᠡ ᠪᠠᠷᠢᠯᠳᠤᠬᠤ᠂ ᠮᠣᠷᠢ ᠤᠷᠤᠯᠳᠤᠬᠤ᠂ ᠰᠤᠷ ᠬᠠᠷᠪᠤᠬᠤ︶ ᠨᠢᠭᠡ ᠪᠣᠯᠣᠨ᠎ᠠ᠃ 2006 ᠣᠨ ᠤ 5 ᠰᠠᠷ᠎ᠠ ᠶᠢᠨ 23 ᠤ ᠡᠳᠦᠷ᠂ ᠮᠣᠩᠭᠤᠯ ᠦᠨᠳᠦᠰᠤᠳᠠᠨ ᠤ ᠪᠦᠬᠡ ᠨᠢ ᠠᠩᠬᠠᠨ ᠤ ᠪᠦᠯᠦᠭ ᠤᠨ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠪᠠ᠃
 
ᠢᠷᠡᠯᠲᠡ᠄ ᠲᠤᠮᠳᠠᠳᠦ ᠤᠯᠤᠰ ᠤᠨ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号