6 ᠰᠠᠷ᠎ᠠ ᠶᠢᠨ 14 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠤᠮᠢᠰ ᠬᠦᠯᠦᠨ ᠪᠤᠶᠢᠷ ᠲᠤ ᠪᠦᠬᠦᠳᠡ ᠬᠤᠷᠠᠯ | ᠬᠤᠷᠠᠯᠳᠤᠭᠤᠯᠵᠤ᠂ ᠪᠠᠶᠢᠷᠢᠯᠠᠭᠤᠯᠤᠨ ᠪᠡᠯᠡᠳᠭᠡᠬᠦ ᠠᠵᠢᠯ ᠢ ᠠᠬᠢᠭᠤᠯᠪᠠ᠃ ᠤᠯᠤᠰ ᠤᠨ ᠪᠡᠶ᠎ᠡ ᠶᠢᠨ ᠲᠠᠮᠢᠷ ᠤᠨ | ᠶᠡᠷᠦᠩᠬᠡᠶ ᠲᠣᠪᠴᠢᠶ᠎ᠠ ᠶᠢᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠤᠤ ᡁᠢ ᠳ᠋ᠠᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | ᠭᠤᠤ ᡁᠢ ᠳ᠋ᠠᠨ ᠥᠪᠥᠷ ᠮᠣᠩᠭᠤᠯ ᠤᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠢ ᠡᠷᠬᠢᠯᠡᠬᠦ ᠡᠮᠦᠨᠡᠬᠢ ᠬᠤᠭᠤᠴᠠᠭᠠᠨ ᠤ ᠠᠵᠢᠯ ᠢ ᠨᠤᠲᠠᠯᠠᠵᠤ | ᠪᠠᠶᠢᠬᠤ ᠪᠠᠨ ᠢᠯᠡᠳᠭᠡᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠪᠣᠬᠢᠷᠲᠤᠯ ᠦᠭᠡᠢ᠂ | ᠬᠠᠮᠲᠤ ᠪᠠᠷ ᠡᠳ᠋ᠯᠡᠬᠦ᠂ ᠨᠡᠭᠡᠭᠡᠯᠲᠡᠲᠦ᠂ ᠠᠷᠢᠭᠤᠨ ᠴᠢᠭᠡᠴᠢ︾ ᠤᠷᠤᠯᠳᠤᠭᠠᠨ ᠡᠷᠬᠢᠯᠡᠬᠦ ᠣᠶᠢᠯᠠᠭᠠᠭᠳᠠᠬᠤᠨ ᠪᠣᠯᠤᠨ | ︽ᠳᠥᠭᠦᠮ ᠠᠪᠰᠠᠷᠬᠠᠨ᠂ ᠠᠮᠤᠷ ᠲᠦᠪᠰᠢᠨ᠂ ᠭᠤᠶᠢᠳᠠ ᠰᠠᠶᠢᠬᠠᠨ︾ ᠤᠷᠤᠯᠳᠤᠭᠠᠨ ᠡᠷᠬᠢᠯᠡᠬᠦ ᠱᠠᠭᠠᠷᠳᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ | ᠲᠤᠷᠰᠢᠯᠭ᠎ᠠ ᠶᠢ ᠲᠤᠯᠢᠳᠠᠵᠤ᠂ ᠥᠪᠥᠷ ᠮᠣᠩᠭᠤᠯ ᠤᠨ ᠭᠠᠵᠠᠷ ᠣᠷᠣᠨ ᠪᠠ ᠦᠨᠳᠦᠰᠦᠲᠡᠨ ᠤ ᠣᠨᠴᠠᠯᠢᠭ ᠲᠠᠢ | ᠤᠶᠠᠯᠳᠤᠭᠤᠯᠵᠤ᠂ ᠤᠷᠤᠯᠳᠤᠭᠠᠨ ᠢ ᠥᠪᠡᠷᠮᠢᠴᠡ ᠣᠨᠴᠠᠯᠢᠭ ᠲᠠᠢ ᠦᠨᠳᠦᠷ ᠲᠦᠪᠰᠢᠨ ᠢᠶᠠᠷ ᠡᠷᠬᠢᠯᠡᠬᠦ ᠬᠡᠷᠡᠭᠲᠡᠢ᠃ | ᠬᠤᠷᠢᠭ᠎ᠠ ᠱᠤᠭᠤᠮ ᠤᠨ ᠰᠡᠳᠭᠢᠬᠦᠢ ᠶᠢ ᠪᠠᠲᠤ ᠪᠤᠢ ᠪᠣᠯᠭᠠᠵᠤ᠂ ᠴᠢᠬᠤᠯᠠ ᠶᠡᠭᠡ ᠠᠵᠢᠯᠯᠠᠭ᠎ᠠ᠂ ᠲᠠᠯᠠᠪᠤᠷ | ᠲᠥᠬᠦᠭᠡᠷᠦᠮᠵᠢ᠂ ᠤᠷᠤᠯᠳᠤᠭᠠᠨ ᠤ ᠪᠣᠯᠪᠠᠰᠤᠷᠠᠯ᠂ ᠤᠷᠤᠯᠳᠤᠭᠠᠨ ᠤ ᠦᠢᠯᠡᠴᠢᠯᠡᠭᠡᠨ ᠤ ᠠᠮᠤᠷ ᠲᠦᠪᠰᠢᠨ ᠢ | ᠪᠠᠲᠤᠯᠠᠵᠤ᠂ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠦᠨᠳᠦᠷ ᠪᠠᠷᠢᠮᠵᠢᠶ᠎ᠠ ᠪᠠᠷ ᠴᠢᠨᠠᠷ ᠰᠠᠶᠢᠲᠠᠢ | ᠪᠡᠶᠡᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠬᠤ ᠺᠣᠮᠢᠰ ᠵᠣᠬᠢᠶᠠᠨ ᠪᠠᠶᠢᠭᠤᠯᠵᠤ ᠤᠳᠤᠷᠢᠳᠬᠤ ᠦᠢᠯᠡᠳᠦᠯ ᠢᠶᠠᠨ | ᠦᠨᠡᠨ ᠬᠦ ᠪᠠᠳᠠᠷᠠᠭᠤᠯᠵᠤ᠂ ᠪᠦᠬᠦᠯᠢ ᠴᠣᠭᠴᠠ ᠶᠢᠨ ᠲᠥᠯᠥᠪᠯᠡᠭᠡ ᠪᠠᠨ ᠴᠢᠩᠭᠠᠳᠬᠠᠨ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠵᠤ᠂ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠡᠯ᠎ᠡ ᠵᠦᠢᠯ ᠤᠨ ᠪᠡᠯᠡᠳᠭᠡᠯ ᠠᠵᠢᠯ ᠢ ᠲᠥᠯᠥᠪᠯᠡᠭᠡ ᠶᠣᠰᠣᠭᠠᠷ | ᠥᠨᠳᠥᠷ ᠦᠷ᠎ᠡ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃ | | ᠸᠠᠩ ᠯᠢ ᠰᠢᠶᠠ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ︾ ᠢ ᠡᠷᠭᠢᠯᠡᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ | ᠥᠪᠥᠷ ᠮᠣᠩᠭᠤᠯ ᠳᠤ ᠲᠤᠰᠢᠶᠠᠭᠰᠠᠨ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠣᠨ᠎ᠠ᠂ ᠤᠷᠤᠯᠳᠤᠭᠠᠨ ᠢ | ᠰᠠᠶᠢᠲᠤᠷ ᠡᠷᠬᠢᠯᠡᠬᠦ ᠶᠢ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠬᠦ ᠪᠣᠳᠠᠲᠤ ᠠᠵᠢᠯᠯᠠᠭ᠎ᠠ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢᠨ ᠪᠣᠳᠠᠲᠠᠢ | ᠦᠢᠯᠡᠳᠦᠯᠭᠡ ᠪᠣᠯᠭᠠᠵᠤ᠂ ᠪᠣᠬᠢᠷᠳᠤᠯ ᠦᠭᠡᠢ ᠪᠥᠭᠡᠳ ᠠᠪᠰᠠᠷᠬᠠᠨ᠂ ᠨᠡᠭᠡᠭᠡᠯᠲᠡᠳᠤ ᠬᠠᠮᠲᠤ ᠪᠠᠷ ᠡᠳ᠋ᠯᠡᠬᠦ᠂ ᠠᠮᠤᠷ | ᠲᠦᠪᠰᠢᠨ ᠡᠮᠬᠢ ᠵᠢᠷᠤᠮ ᠲᠠᠢ᠂ ᠭᠤᠶᠢᠳᠠ ᠰᠠᠶᠢᠬᠠᠨ ᠪᠠᠶᠢᠬᠤ ᠶᠢ ᠪᠠᠷᠢᠮᠲᠠᠯᠠᠵᠤ᠂ ᠣᠷᠣᠨ ᠳᠠᠶᠠᠭᠠᠷ ᠤᠨ | ᠬᠦᠴᠦᠨ ᠢᠶᠠᠷ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ︾ ᠢ ᠲᠡᠷᠢᠭᠦᠨ ᠵᠡᠷᠭᠡ ᠶᠢᠨ᠂ ᠥᠪᠡᠷᠮᠢᠴᠡ ᠣᠨᠴᠠᠯᠢᠭ ᠲᠠᠢ᠂ ᠲᠡᠭᠦᠰ ᠠᠮᠵᠢᠯᠲᠠ ᠲᠠᠢ ᠡᠷᠬᠢᠯᠡᠬᠦ ᠬᠡᠷᠡᠭᠲᠡᠢ᠃ | ᠪᠣᠳᠠᠲᠠᠢ ᠠᠵᠢᠯᠯᠠᠬᠤ ᠵᠣᠷᠢᠭ ᠰᠠᠨᠠᠭ᠎ᠠ ᠪᠠᠷ ᠴᠢᠩᠭ᠎ᠠ ᠱᠠᠭᠠᠷᠳᠠᠵᠤ᠂ ᠵᠠᠩᠭᠢᠯᠠᠭ᠎ᠠ ᠶᠢᠨ ᠴᠡᠭ ᠢ ᠠᠩᠬᠠᠷᠴᠤ᠂ | ᠠᠬᠢᠴᠠ ᠶᠢ ᠠᠩᠬᠠᠷᠴᠤ᠂ ᠠᠰᠠᠭᠤᠳᠠᠯ ᠢ ᠠᠩᠬᠠᠷᠴᠤ᠂ ᠦᠷ᠎ᠡ ᠪᠦᠲᠦᠮᠵᠢ ᠶᠢ ᠠᠩᠬᠠᠷᠴᠤ᠂ ᠨᠢᠭᠡᠳᠦᠯᠲᠡᠢ | ᠲᠥᠯᠥᠪᠵᠢᠭᠦᠯᠬᠦ ᠶᠢ ᠠᠩᠬᠠᠷᠴᠤ᠂ ᠵᠣᠯᠭᠠᠯᠴᠠᠭᠤᠯᠬᠤ ᠶᠢ ᠠᠩᠬᠠᠷᠴᠤ᠂ ᠡᠯ᠎ᠡ ᠵᠦᠢᠯ ᠤᠨ ᠪᠡᠯᠡᠳᠭᠡᠯ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠳᠠᠩᠰᠠ ᠪᠠ ᠰᠢᠯᠭᠠᠯᠲᠠ ᠪᠠᠨ ᠲᠣᠭᠲᠠᠭᠰᠠᠨ ᠬᠤᠭᠤᠴᠠᠭᠠᠨ ᠳᠤ ᠴᠢᠨᠠᠷᠯᠢᠭ | ᠲᠤᠰᠢᠶᠠᠬᠤ ᠶᠢ ᠪᠠᠲᠤᠯᠠᠬᠤ ᠬᠡᠷᠡᠭᠲᠡᠢ ᠭᠡᠵᠠᠢ᠃ | | ᠬᠦᠯᠦᠨ ᠪᠤᠶᠢᠷ ᠲᠤ ᠪᠠᠶᠢᠬᠤ ᠬᠤᠭᠤᠴᠠᠭᠠᠨ ᠳᠠᠭᠠᠨ᠂ ᠸᠠᠩ ᠯᠢ ᠰᠢᠶᠠ ᠲᠤᠬᠠᠢ ᠶᠢᠨ ᠭᠠᠵᠠᠷ ᠤᠨ ᠰᠥᠨᠢ ᠶᠢᠨ | ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠬᠤ ᠶᠢᠨ ᠬᠠᠮᠲᠤ ︽ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠬᠤᠯᠪᠤᠭᠳᠠᠯ ᠪᠦᠬᠦᠢ | ᠲᠠᠯᠠᠪᠠᠢ ᠣᠷᠳᠣᠨ ᠤ ᠪᠦᠲᠦᠭᠡᠨ ᠪᠠᠶᠢᠭᠤᠯᠤᠯᠲᠠ ᠶᠢ ᠪᠠᠶᠢᠴᠠᠭᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠬᠤᠷᠠᠯ ᠳᠤ ᠣᠷᠣᠯᠴᠠᠵᠠᠢ᠃ |