| 6 ᠰᠠᠷ᠎ᠠ ᠶᠢᠨ 16 ᠤ ᠡᠳᠦᠷ᠂ ᠪᠥᠬᠦ ᠣᠷᠣᠨ ᠤ ᠳᠥᠷᠪᠡᠳᠦᠭᠡᠷ ᠬᠤᠭᠤᠴᠠᠭᠠᠨ ᠤ ᠨᠠᠰᠤᠲᠠᠶᠢᠴᠤᠳ ᠤᠨ | ᠪᠡᠶ᠎ᠡ ᠶᠢᠨ ᠲᠠᠮᠢᠷ ᠤᠨ ᠴᠤᠭᠯᠠᠭᠠᠨ ᠬᠥᠬᠡᠬᠤᠲᠠ ᠳᠤ ᠡᠬᠢᠯᠡᠪᠡ᠂ ᠪᠥᠬᠦ ᠣᠷᠣᠨ ᠤ ᠡᠯ᠎ᠡ ᠭᠠᠵᠠᠷ᠂ ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ | ᠱᠧᠨ ᠳ᠋ᠦᠩ ᠪᠦᠯᠦᠭᠯᠡᠯ᠂ ᠬᠥᠬᠡᠬᠤᠲᠠ ᠶᠢᠨ ᠡᠯ᠎ᠡ ᠲᠣᠭᠤᠷᠢᠭ ᠰᠢᠶᠠᠨ ᠤ 16 ᠲᠥᠯᠥᠭᠡᠯᠡᠭᠴᠢᠳ ᠤᠨ ᠠᠩᠭᠢ ᠶᠢᠨ | 100 ᠭᠠᠷᠤᠢ ᠲᠠᠮᠢᠷᠴᠢᠨ ᠪᠠ 2600 ᠭᠠᠷᠤᠢ ᠢᠳᠡᠷ ᠥᠲᠡᠯᠦᠭᠡ ᠨᠠᠰᠤᠨ ᠤ ᠪᠡᠶ᠎ᠡ ᠴᠢᠭᠢᠷᠠᠭᠵᠢᠭᠤᠯᠬᠤ ᠳᠤ | ᠪᠠᠭ᠋ᠠᠲᠠᠢ ᠬᠥᠮᠥᠰ ᠤᠷᠤᠯᠴᠠᠪᠠ᠃ | ᠲᠣᠰ ᠬᠤᠭᠤᠴᠠᠭᠠᠨ ᠤ ᠪᠥᠬᠦ ᠣᠷᠣᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯ | ᠮᠠᠨ ᠤ ᠣᠷᠣᠨ ᠤ ᠬᠠᠮᠤᠭ ᠤᠨ ᠶᠡᠭᠡ ᠬᠡᠪᠴᠢᠶ᠎ᠡ ᠲᠠᠢ᠂ ᠬᠠᠮᠤᠭ ᠤᠨ ᠤᠯᠠᠨ ᠬᠦᠮᠦᠨ ᠤᠷᠤᠯᠴᠠᠭᠰᠠᠨ | ᠨᠠᠰᠤᠳᠠᠶᠢᠴᠤᠳ ᠤᠨ ᠲᠠᠮᠢᠷ ᠤᠨ ᠬᠦᠳᠡᠯᠭᠡᠭᠡᠨ ᠪᠤᠯᠤᠨ᠎ᠡ᠃ ᠤᠷᠤᠯᠳᠤᠭᠠᠨ ᠳᠤ ᠪᠡᠶ᠎ᠡ ᠴᠢᠭᠢᠷᠠᠭᠵᠢᠭᠤᠯᠬᠤ | ᠠᠮᠢᠰᠬᠤᠯ ᠤᠨ ᠲᠠᠮᠢᠷ᠂ ᠡᠭᠦᠳᠡᠨ ᠪᠥᠮᠪᠦᠭᠡ᠂ ᠫᠢᠩᠫᠠᠩ ᠪᠥᠮᠪᠦᠭᠡ᠂ ᠲᠣᠣᠷ ᠪᠥᠮᠪᠦᠭᠡ᠂ ᠬᠡᠢ ᠠᠯᠠᠭᠠᠳᠠᠬᠤ ᠪᠥᠮᠪᠦᠭᠡ᠂ | ᠪᠡᠶ᠎ᠡ ᠴᠢᠭᠢᠷᠠᠭᠵᠢᠭᠤᠯᠬᠤ ᠲᠠᠮᠢᠷ᠂ ᠵᠢᠭᠠᠰᠤ ᠭᠥᠬᠢᠳᠡᠬᠦ᠂ ᠨᠡᠷᠡᠬᠦᠢ ᠨᠢᠳᠤᠷᠭ᠎ᠠ᠂ ᠰᠢᠲᠠᠷ᠎ᠠ᠂ ᠥᠳᠥᠨ ᠪᠥᠮᠪᠦᠭᠡ᠂ | ᠲᠠᠶ᠋ᠢᠭ ᠲᠤᠯᠵᠦ ᠠᠯᠬᠤᠬᠤ᠂ ᠪᠡᠶ᠎ᠡ ᠴᠢᠭᠢᠷᠠᠭᠵᠢᠭᠤᠯᠬᠤ ᠶᠠᠩᠭᠠᠷ᠂ ᠴᠢᠴᠢᠭᠦᠷ ᠪᠥᠮᠪᠦᠭᠡ᠂ ᠬᠥᠵᠥᠷ ᠵᠡᠷᠭᠡ ᠵᠦᠢᠯ ᠢ | ᠲᠣᠬᠢᠷᠠᠭᠤᠯᠵᠤ᠂ ᠤᠷᠤᠯᠳᠤᠭᠠᠨ ᠨᠢ 6 ᠰᠠᠷ᠎ᠠ ᠠᠴᠠ 9 ᠰᠠᠷ᠎ᠠ ᠪᠣᠯᠲᠠᠯ᠎ᠠ 12 ᠠᠶᠢᠮᠠᠭ ᠬᠤᠲᠠ ᠪᠠ ᠮᠠᠨᠵᠤᠤᠷ | ᠬᠤᠲᠠ᠂ ᠡᠷᠢᠶᠡᠨ ᠬᠤᠲᠠ ᠳᠤ ᠶᠠᠪᠤᠭᠳᠠᠬᠤ ᠪᠣᠯᠣᠨ᠎ᠠ᠃ | ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠳᠣᠣᠷ᠎ᠠ᠂ ᠡᠯ᠎ᠡ ᠬᠠᠮᠢᠶ᠎ᠠ ᠪᠦᠬᠦᠢ ᠨᠢᠭᠡᠴᠢ ᠵᠢᠴᠢ ᠪᠦᠬᠦ ᠣᠷᠣᠨ ᠤ ᠡᠯ᠎ᠡ | ᠱᠠᠲᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠪᠦᠬᠦ ᠬᠦᠴᠦᠨ ᠤ ᠳᠡᠮᠵᠢᠯᠭᠡ ᠳᠣᠣᠷ᠎ᠠ᠂ | ᠮᠠᠨ ᠤ ᠣᠷᠣᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠲᠦᠷᠭᠡᠨ ᠬᠥᠭᠵᠢᠵᠦ᠂ ᠨᠠᠰᠤᠲᠠᠶᠢᠴᠤᠳ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠪᠠ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠡᠯᠪᠡᠭ ᠪᠤᠯᠵᠦ᠂ ᠪᠥᠬᠦ | ᠤᠯᠤᠰ ᠤᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠠᠯᠲᠠᠨ ᠮᠧᠳᠠᠯ ᠣᠯᠵᠤ᠂ ᠮᠠᠯᠵᠢᠬᠤ | ᠲᠠᠷᠢᠶᠠᠯᠠᠬᠤ ᠣᠷᠣᠨ ᠳᠤ ︽123︾ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠢᠨᠵᠧᠨᠧᠷᠢᠩ ᠢ ᠬᠡᠷᠡᠭᠵᠢᠭᠦᠯᠦᠨ᠂ | ᠪᠥᠬᠦ ᠣᠷᠣᠨ ᠤ ᠪᠣᠶ ᠪᠦᠬᠦᠢ ᠰᠤᠮᠤ ᠰᠢᠶᠠᠩ ᠪᠠᠯᠭᠠᠰᠤ ᠪᠠ 86.5% ᠶᠢᠨ ᠭᠠᠴᠠᠭ᠎ᠠ ᠲᠣᠰᠬᠤᠨ ᠳᠤ | ᠨᠠᠰᠤᠲᠠᠶᠢᠴᠤᠳ ᠤᠨ ᠬᠥᠳᠡᠯᠭᠡᠭᠡᠨ ᠤ ᠲᠥᠪ ᠪᠠᠶᠢᠭᠤᠯᠵᠤ᠂ ᠨᠠᠰᠤᠲᠠᠶᠢᠴᠤᠳ ᠤᠨ ᠰᠡᠯᠡᠭᠦᠴᠡᠯ ᠤᠨ ᠠᠮᠢᠳᠤᠷᠠᠯ ᠢ | ᠲᠤᠶᠢᠯ ᠤᠨ ᠶᠡᠭᠡ ᠪᠠᠷ ᠪᠠᠶᠠᠯᠢᠭᠵᠢᠭᠤᠯᠵᠤ᠂ ᠨᠠᠰᠤᠲᠠᠶᠢᠴᠤᠳ ᠤᠨ ᠬᠦᠷᠲᠡᠮᠵᠢ᠂ ᠵᠣᠯ ᠵᠢᠷᠭᠠᠯᠲᠤ ᠲᠥᠷᠥᠭᠳᠡᠯ᠂ | ᠠᠮᠤᠷ ᠲᠦᠪᠰᠢᠨ ᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠸᠠᠩ ᠵᠧᠩ ᠢᠦᠢ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠳᠡᠳ᠋ ᠳᠠᠷᠤᠭ᠎ᠠ ᠵᠠᠩ ᡁᠢ᠂ ᠥᠪᠥᠷ ᠮᠣᠩᠭᠤᠯ ᠤᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠨᠡᠶᠢᠭᠡᠮᠯᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃ |