ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2023/6/2
    6 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠤᠯᠠᠭᠠᠨᠴᠠᠪ ᠬᠤᠳᠠ ᠳᠤ ᠶᠠᠪᠤᠠᠠᠳᠠᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠳᠡᠳ᠋ ᠡᠷᠬᠢᠯᠡᠭᠴᠢ ᠶᠦᠨ ᠭᠦᠸᠧ ᠱᠧᠩ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᡁᠢ᠂ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠹᠠᠩ ᠽᠧ ᠲᠣᠰ ᠬᠤᠭᠤᠴᠠᠭᠠᠨ ᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠭᠰᠡᠨ ᠠᠬᠤᠢ ᠪᠠᠶᠢᠳᠠᠯ᠂ ᠤᠷᠤᠯᠳᠤᠭᠠᠨ ᠤ ᠪᠠᠶᠢᠷᠢᠯᠠᠭᠤᠯᠤᠯᠲᠠ ᠵᠢᠴᠢ ᠵᠣᠬᠢᠶᠠᠨ ᠪᠠᠶᠢᠭᠤᠯᠵᠤ ᠪᠡᠯᠡᠳᠬᠡᠭᠰᠡᠨ ᠵᠡᠷᠭᠡ ᠪᠠᠶᠢᠳᠠᠯ ᠤᠨ ᠲᠤᠬᠠᠢ ᠲᠣᠰ ᠲᠣᠰ ᠮᠡᠳᠡᠭᠡ ᠨᠡᠶᠢᠲᠡᠯᠡᠵᠦ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠤᠸᠠᠢ ᠶᠠᠨ ᠮᠧᠶ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ᠃     ᠠᠷᠪᠠᠳᠤᠭᠠᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠨᠢ ︽ᠥᠩᠭᠡ ᠢᠯᠭᠠᠷᠠᠭᠰᠠᠨ ᠤᠯᠠᠭᠠᠨᠴᠠᠪ · ᠡᠶ᠎ᠡ ᠵᠣᠬᠢᠴᠠᠯ ᠲᠠᠢ ᠦᠨᠳᠦᠰᠦᠲᠡᠨ ᠤ ᠦᠪᠡᠳᠡᠭᠰᠢ ᠴᠤᠭᠯᠠᠭᠠᠨ︾ ᠢᠶᠠᠷ ᠭᠤᠣᠯ ᠰᠡᠳᠦᠪ ᠪᠣᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠬᠤ ᠶᠢᠨ ᠲᠥᠯᠥᠭᠡ ᠶᠤᠮ᠃ ᠲᠣᠰ ᠬᠤᠭᠤᠴᠠᠭᠠᠨ ᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠨᠡ ᠵᠢᠯ ᠤᠨ 7 ᠰᠠᠷ᠎ᠠ ᠶᠢᠨ 8 ᠤ ᠡᠳᠦᠷ ᠠᠴᠠ 13 ᠤ ᠡᠳᠦᠷ ᠪᠣᠯᠲᠠᠯ᠎ᠠ ᠤᠯᠠᠭᠠᠨᠴᠠᠪ ᠬᠤᠲᠠ ᠳᠤ ᠶᠠᠪᠤᠭᠳᠠᠭᠤᠯᠤᠨ᠎ᠠ᠃     ᠣᠶᠢᠯᠠᠭᠠᠭᠰᠠᠨ ᠢᠶᠠᠷ᠂ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ 4 ᠵᠢᠯ ᠳᠤ ᠨᠢᠭᠡ ᠤᠳᠠᠭ᠎ᠠ ᠡᠷᠭᠢᠯᠡᠵᠦ᠂ 1985 ᠣᠨ ᠠᠴᠠ ᠡᠬᠢᠯᠡᠨ ᠨᠢᠭᠡᠨᠲᠡ ᠶᠢᠰᠦᠨ ᠬᠤᠭᠤᠴᠠᠭ᠎ᠠ ᠶᠢ ᠠᠮᠵᠢᠯᠲᠠ ᠲᠠᠢ ᠡᠷᠭᠢᠯᠡᠵᠦ ᠥᠩᠭᠡᠷᠡᠵᠡᠢ᠂ ᠡᠨᠡ ᠪᠣᠯ ᠪᠥᠬᠦ ᠣᠷᠣᠨ ᠤ ᠴᠢᠨᠠᠷᠲᠠᠢ᠂ ᠶᠡᠷᠦᠩᠬᠡᠶᠢᠯᠡᠭᠰᠡᠨ ᠴᠢᠨᠠᠷᠲᠠᠢ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠤᠷᠤᠯᠳᠤᠭᠠᠨ ᠮᠥᠨ᠂ ᠦᠨᠳᠦᠰᠦᠲᠡᠨ ᠤ ᠪᠦᠯᠬᠦᠮᠳᠡᠯ ᠢ ᠳᠡᠯᠭᠡᠨ ᠦᠵᠡᠭᠦᠯᠵᠦ᠂ ᠴᠠᠭ ᠦᠶ᠎ᠡ ᠶᠢᠨ ᠳᠦᠷᠰᠦ ᠪᠠᠶᠢᠳᠠᠯ ᠢ ᠬᠥᠲᠥᠯᠥᠨ ᠳᠠᠭᠠᠭᠤᠯᠬᠤ ᠦᠪᠡᠳᠡᠭᠰᠢ ᠴᠤᠭᠯᠠᠭᠠᠨ ᠮᠥᠨ᠂ ᠪᠠᠰᠠ ᠴᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠨᠡᠮᠡᠭᠳᠡᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠦᠲᠦᠮᠵᠢᠲᠡᠶ ᠲᠠᠪᠴᠠᠩ ᠮᠥᠨ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号