ᠶᠤᠤ ᠶᠦᠩ ᠪᠥᠸᠧ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠸᠧᠳᠢᠤ᠋ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/25
    6 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠸᠧᠳᠢᠤ᠋ ᠬᠤᠷᠠᠯ ᠢ ᠡᠷᠭᠢᠯᠡᠨ ᠬᠤᠷᠠᠯᠳᠤᠭᠤᠯᠵᠤ᠂ ᠪᠡᠯᠡᠳᠬᠡᠯ ᠺᠣᠮᠢᠰ ᠤᠨ 15 ᠲᠤᠰᠬᠠᠢ ᠠᠵᠢᠯ ᠤᠨ ᠬᠡᠯᠲᠡᠰ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃     ᠶᠤᠤ ᠶᠦᠩ ᠪᠥᠸᠧ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠡᠷᠭᠢᠯᠡᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ᠂ ᠡᠯ᠎ᠡ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠠᠷᠤᠭ᠎ᠠ ᠭᠤᠸ ᡁᠢ ᠳ᠋ᠠᠨ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠨ᠂ ᠲᠣᠪᠣᠶᠢᠮ᠎ᠠ ᠠᠰᠠᠭᠤᠳᠠᠯ ᠢ ᠪᠣᠳᠠᠲᠠᠢ ᠪᠠᠷ ᠰᠢᠢᠳᠪᠦᠷᠢᠯᠡᠵᠦ᠂ ᠡᠯ᠎ᠡ ᠵᠦᠢᠯ ᠤᠨ ᠪᠡᠯᠡᠳᠬᠡᠯ ᠠᠵᠢᠯ ᠢ ᠪᠣᠳᠠᠲᠠᠢ᠂ ᠨᠠᠷᠢᠯᠢᠭ᠂ ᠪᠣᠳᠠᠲᠠᠢ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃    ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠺᠣᠮᠢᠰ ᠤᠨ ᠡᠯ᠎ᠡ ᠲᠤᠰᠬᠠᠢ ᠠᠵᠢᠯ ᠤᠨ ᠬᠡᠯᠲᠡᠰ᠂ ᠬᠥᠯᠥᠨ ᠪᠤᠶᠢᠷ ᠬᠤᠳᠠ᠂ ᠤᠯᠠᠭᠠᠨᠬᠠᠳᠠ ᠬᠤᠳᠠ᠂ ᠤᠯᠠᠭᠠᠨᠴᠠᠪ ᠬᠤᠳᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号