ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠪᠡᠯᠡᠳᠬᠡᠯ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/6/29
    6 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠳᠤ ᠬᠦᠷᠴᠦ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠪᠡᠯᠡᠳᠬᠡᠯ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃     ᠵᠠᠩ ᡁᠢ ᠤᠷᠢᠳ ᠬᠤᠵᠢᠳ ᠡᠷ᠎ᠡ ᠶᠢᠨ ᠭᠤᠷᠪᠠᠨ ᠨᠠᠭᠠᠳᠤᠮ᠂ ᠲᠡᠮᠡᠭᠡ ᠤᠷᠤᠯᠳᠤᠬᠤ᠂ ᠲᠡᠮᠡᠭᠡᠨ ᠪᠥᠮᠪᠦᠭᠡ ᠶᠢᠨ ᠤᠷᠤᠯᠳᠤᠭᠠᠨ ᠤ ᠲᠠᠯᠠᠪᠤᠷ᠂ ᠲᠠᠮᠢᠷᠴᠢᠨ᠂ ᠬᠢᠨᠠᠭᠴᠢ ᠶᠢᠨ ᠰᠠᠭᠤᠭ᠎ᠠ ᠭᠠᠵᠠᠷ ᠵᠡᠷᠭᠡ ᠳᠤ ᠬᠦᠷᠴᠦ᠂ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ ᠬᠡᠷᠡᠭᠰᠡᠯ ᠤᠨ ᠲᠣᠬᠢᠷᠠᠭᠤᠯᠤᠯᠲᠠ ᠪᠣᠯᠣᠨ ᠤᠰᠤ ᠴᠠᠬᠢᠯᠭᠠᠨ ᠤ ᠪᠠᠲᠤᠯᠠᠭ᠎ᠠ ᠵᠡᠷᠭᠡ ᠠᠵᠢᠯ ᠢ ᠭᠤᠣᠯᠳᠠᠯᠭ᠎ᠠ ᠲᠠᠢ ᠪᠠᠶᠢᠴᠠᠭᠠᠨ ᠪᠠᠶᠢᠷᠢᠯᠠᠭᠤᠯᠬᠤ ᠶᠢᠨ ᠬᠠᠮᠲᠤ ᠤᠷᠤᠯᠳᠤᠭᠠᠨ ᠤ ᠪᠡᠯᠡᠳᠬᠡᠯ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠠᠢ᠃     ᠬᠤᠷᠠᠯ ᠠᠴᠠ ᠨᠢᠭᠡ ᠳᠤ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ  ᠦᠨᠡᠨᠬᠦ ᠴᠢᠩᠭᠠᠳᠬᠠᠬᠤ ᠬᠡᠷᠡᠭᠳᠡᠢ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠭᠡᠳᠡᠭ ᠢ ᠭᠦᠨᠵᠡᠭᠡᠢ ᠲᠠᠨᠢᠵᠤ᠂ ᠪᠡᠯᠡᠳᠬᠡᠯ ᠠᠵᠢᠯ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠪᠡᠯᠡᠳᠬᠡᠬᠦ ᠬᠡᠷᠡᠭᠲᠡᠢ︔ ᠬᠤᠶᠠᠷ ᠲᠤ᠂ ᠤᠷᠤᠯᠳᠤᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠪᠡᠯᠡᠳᠬᠡᠯ ᠠᠵᠢᠯ ᠤᠨ ᠡᠭᠦᠷᠭᠡ ᠬᠦᠨᠳᠦ᠂ ᠬᠠᠷᠢᠭᠤᠴᠠᠯᠭ᠎ᠠ ᠬᠦᠨᠳᠦ᠂  ᠲᠠᠭᠠᠭᠠᠴᠢᠯᠠᠨ ᠡᠷᠬᠢᠯᠡᠬᠦ ᠭᠠᠵᠠᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠷᠤᠯᠳᠤᠭᠠᠨ ᠢ ᠵᠣᠬᠢᠶᠠᠨ ᠪᠠᠶᠢᠭᠤᠯᠬᠤ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠭᠤᠣᠯ ᠣᠶᠤᠨ ᠴᠢᠳᠠᠯ ᠢᠶᠠᠨ ᠡᠯ᠎ᠡ ᠵᠦᠢᠯ ᠤᠨ ᠤᠷᠤᠯᠳᠤᠭᠠᠨ ᠤ ᠪᠡᠯᠡᠳᠬᠡᠯ ᠠᠵᠢᠯ ᠳᠡᠭᠡᠷ᠎ᠡ ᠦᠳᠲᠡᠷ ᠲᠦᠷᠭᠡᠨ ᠲᠥᠪᠯᠡᠷᠡᠭᠦᠯᠬᠦ ᠬᠡᠷᠡᠭᠲᠡᠢ  ︔ ᠭᠤᠷᠪᠠ ᠳᠤ᠂ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠤᠷ ᠲᠦᠪᠰᠢᠨ ᠢ ᠳᠡᠭᠡᠳᠦᠯᠡᠬᠦ ᠤᠷᠤᠯᠳᠤᠭᠠᠨ ᠡᠷᠬᠢᠯᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ᠃ ᠤᠷᠤᠯᠳᠤᠭᠠᠨ ᠤ ᠠᠮᠤᠷ ᠲᠦᠪᠰᠢᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠷᠤᠯᠳᠤᠭᠠᠨ ᠤ ᠬᠠᠮᠢᠶ᠎ᠠ ᠪᠦᠬᠦᠢ ᠠᠵᠢᠯ ᠤᠨ ᠲᠥᠰᠥᠯ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠵᠤ᠂ ᠲᠦᠭᠰᠢᠭᠦᠷᠢ ᠶᠢᠨ ᠴᠢᠭ᠋ ᠲᠤ ᠴᠢᠭᠯᠡᠭᠦᠯᠦᠨ ᠤᠷᠤᠯᠳᠤᠭᠠᠨ ᠠᠴᠠ ᠡᠮᠦᠨᠡᠬᠢ ᠰᠤᠳᠤᠯᠤᠨ ᠮᠠᠭᠠᠳᠯᠠᠬᠤ᠂ ᠤᠷᠤᠯᠳᠤᠭᠠᠨ ᠤ ᠳᠤᠮᠳᠠᠬᠢ ᠵᠢᠯᠣᠭᠤᠳᠤᠯᠭ᠎ᠠ᠂ ᠤᠷᠤᠯᠳᠤᠭᠠᠨ ᠤ ᠳᠠᠷᠠᠭᠠᠬᠢ ᠦᠨᠡᠯᠡᠨ ᠵᠢᠱᠢᠯᠲᠡ ᠶᠢ ᠴᠢᠩᠭᠠᠳᠬᠠᠵᠤ᠂ ᠭᠡᠨᠡᠳᠲᠡ ᠶᠢᠨ ᠴᠢᠨᠠᠷᠲᠠᠢ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ᠂ ᠡᠵᠡᠮᠳᠡᠬᠦ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠲᠦᠭᠰᠢᠭᠦᠷᠢ ᠶᠢᠨ ᠠᠯᠳᠠᠰᠢ ᠭᠠᠷᠬᠤ ᠶᠢ ᠬᠤᠷᠢᠭᠯᠠᠵᠤ᠂ ᠡᠯ᠎ᠡ ᠵᠦᠢᠯ ᠤᠨ ᠤᠷᠤᠯᠳᠤᠭᠠᠨ ᠤ ᠠᠮᠤᠷ ᠲᠦᠪᠰᠢᠨ ᠢᠶᠠᠷ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号