6 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ ᠲᠦᠩᠯᠢᠶᠣᠣ | ᠬᠤᠲᠠ ᠳᠤ ᠬᠦᠷᠴᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠪᠡᠶ᠎ᠡ ᠶᠢᠨ ᠲᠠᠮᠢᠷ ᠤᠨ ᠲᠥᠷᠥᠯ ᠵᠦᠢᠯ ᠢ | ᠲᠦᠯᠬᠢᠨ ᠠᠬᠢᠭᠤᠯᠬᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ | ᠬᠥᠮᠥᠵᠢᠭᠦᠯᠬᠦ ᠵᠢᠴᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠥᠳᠡᠭᠡ ᠲᠤᠰᠬᠤᠨ | ᠢ ᠬᠦᠭᠵᠢᠭᠦᠯᠦᠨ ᠮᠠᠨᠳᠤᠭᠤᠯᠬᠤ ᠲᠠᠭᠠᠭᠠᠴᠢᠯᠠᠯᠳᠠ ᠶᠢᠨ ᠴᠡᠭ ᠤᠨ ᠪᠠᠶᠢᠳᠠᠯ ᠢ ᠪᠠᠶᠢᠴᠠᠭᠠᠨ ᠰᠤᠳᠤᠯᠪᠠ᠃ | | ᠸᠠᠩ ᠵᠧᠩ ᠢᠦᠢ ᠤᠷᠢᠳ ᠬᠤᠵᠢᠳ ᠲᠦᠩᠯᠢᠶᠣᠣ ᠬᠤᠳᠠ ᠶᠢᠨ ᠪᠡᠶ᠎ᠡ ᠶᠢᠨ ᠲᠠᠮᠢᠷ ᠤᠨ ᠳᠤᠮᠳᠠᠳᠤ | ᠰᠤᠷᠭᠠᠭᠤᠯᠢ᠂ ᠬᠤᠳᠠ ᠶᠢᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠦᠢᠯᠡᠴᠢᠯᠡᠭᠡᠨ ᠤ ᠲᠥᠪ᠂ | ᠯᠢᠶᠣᠤ ᠾᠧ ᠴᠡᠴᠡᠷᠯᠢᠭ᠂ ᠰᠢᠨ ᠶᠠ ᠪᠡᠶ᠎ᠡ ᠶᠢᠨ ᠲᠠᠮᠢᠷ ᠤᠨ ᠴᠡᠴᠡᠷᠯᠢᠭ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠭᠠᠨᠵᠤᠭ᠎ᠠ ᠪᠠᠯᠭᠠᠰᠤ ᠶᠢᠨ ᠠᠷᠠᠳ ᠤᠨ ᠠᠭᠤᠳᠠᠮ ᠲᠠᠯᠠᠪᠠᠢ᠂ ᠬᠦᠷᠢᠶ᠎ᠡ ᠬᠤᠰᠢᠭᠤᠨ ᠤ ᠪᠡᠶ᠎ᠡ ᠶᠢᠨ | ᠲᠠᠮᠢᠷ ᠤᠨ ᠴᠡᠴᠡᠷᠯᠢᠭ ᠤᠨ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠵᠦ᠂ ᠬᠤᠯᠪᠣᠭᠳᠠᠯ ᠪᠦᠬᠦᠢ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠲᠦᠩᠯᠢᠶᠣᠣ ᠶᠢᠨ ᠲᠤᠬᠠᠢ ᠶᠢᠨ ᠭᠠᠵᠠᠷ ᠤᠨ | ᠪᠣᠳᠠᠲᠤ ᠪᠠᠶᠢᠳᠠᠯ ᠳᠤ ᠰᠠᠭᠤᠷᠢᠯᠠᠨ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠲᠥᠬᠦᠭᠡᠷᠦᠮᠵᠢ᠂ ᠲᠠᠯᠠᠪᠤᠷ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠠᠳ ᠣᠯᠠᠨ ᠤ ᠡᠳᠦᠷ | ᠲᠤᠲᠤᠮ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠴᠢᠳᠠᠪᠤᠷᠢ ᠶᠢᠨ ᠲᠠᠰ ᠳᠡᠪᠰᠢᠬᠦ ᠶᠢ ᠪᠡᠶᠡᠯᠡᠭᠦᠯᠬᠦ ᠬᠡᠷᠡᠭᠲᠡᠢ᠃ ᠪᠡᠶ᠎ᠡ ᠶᠢᠨ ᠲᠠᠮᠢᠷ ᠤᠨ ᠪᠡᠯᠡᠳᠬᠡᠯ | ᠴᠢᠳᠠᠪᠤᠷᠢᠲᠠᠨ ᠢ ᠬᠥᠮᠥᠵᠢᠭᠦᠯᠬᠦ ᠠᠷᠭ᠎ᠠ ᠵᠠᠮ ᠢ ᠥᠷᠭᠡᠳᠬᠡᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ | ᠡᠷᠡᠭᠦᠯ ᠢᠶᠠᠷ ᠬᠥᠭᠵᠢᠬᠦ ᠰᠠᠭᠤᠷᠢ ᠶᠢ ᠪᠠᠲᠤᠳᠬᠠᠬᠤ ᠬᠡᠷᠡᠭᠲᠡᠢ︔ ᠥᠪᠡᠷᠮᠢᠴᠡ ᠣᠨᠴᠠᠯᠢᠭ ᠲᠠᠢ ᠪᠡᠶ᠎ᠡ ᠶᠢᠨ ᠲᠠᠮᠢᠷ ᠤᠨ | ᠤᠷᠤᠯᠳᠤᠭᠠᠨ ᠤ ᠠᠵᠢᠯᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠵᠤ᠂ ᠣᠯᠠᠨ ᠲᠦᠮᠡᠨ ᠤ ᠦᠵᠡᠵᠦ | ᠰᠣᠨᠢᠷᠬᠠᠬᠤ ᠳᠤᠷᠠᠲᠠᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠡᠷᠭᠢᠯᠡᠨ᠂ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠲᠠᠰᠤᠷᠠᠯᠲᠠ ᠦᠭᠡᠢ ᠪᠣᠶ ᠪᠣᠯᠭᠠᠬᠤ ᠬᠡᠷᠡᠭᠲᠡᠢ ᠭᠡᠵᠦ | ᠵᠢᠭᠠᠵᠦ ᠭᠠᠷᠭᠠᠪᠠ᠃ | ᠸᠠᠩ ᠵᠧᠩ ᠢᠦᠢ ᠬᠦᠷᠢᠶ᠎ᠡ ᠬᠤᠰᠢᠭᠤᠨ ᠤ ᠱᠦᠢ ᠴᠢᠤᠸᠠᠨ ᠰᠢᠶᠠᠩ ᠤᠨ ᠶᠤᠸᠠᠨ ᠼᠠᠩ ᠽᠢ ᠲᠣᠰᠬᠤᠨ ᠳᠤ | ᠰᠠᠭᠤᠭ᠎ᠠ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ ᠲᠡᠷᠡ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠠᠪᠰᠤᠷᠤᠨ ᠲᠡᠳᠬᠦᠬᠦ | ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠶ᠎ᠡ ᠶᠢᠨ ᠲᠠᠮᠢᠷ ᠤᠨ ᠣᠨᠴᠠᠯᠢᠭ ᠢ | ᠲᠤᠪᠤᠶᠢᠯᠭᠠᠵᠦ᠂ ᠴᠡᠭ ᠢ ᠠᠳᠬᠤᠨ ᠨᠡᠶᠢᠳᠡᠮ ᠢ ᠲᠠᠶᠢᠴᠢᠯᠠᠨ ᠪᠡᠶ᠎ᠡ ᠶᠢᠨ ᠲᠠᠮᠢᠷ ᠤᠨ ᠬᠠᠪᠰᠤᠷᠤᠨ ᠲᠡᠳᠬᠦᠬᠦ ᠦᠷ᠎ᠡ | ᠪᠦᠲᠦᠮᠵᠢ ᠶᠢ ᠭᠦᠨᠵᠡᠭᠡᠶᠢᠷᠡᠭᠦᠯᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠦᠨᠡᠨᠬᠦ ᠪᠣᠳᠠᠲᠤ ᠶᠠᠪᠤᠳᠠᠯ᠂ | ᠰᠠᠶᠢᠨ ᠶᠠᠪᠤᠳᠠᠯ ᠬᠢᠵᠦ ᠦᠭᠬᠦ ᠬᠡᠷᠡᠭᠳᠡᠢ ᠭᠡᠪᠡ᠃ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ ᠲᠠᠢ | ᠬᠠᠮᠲᠤᠪᠠᠷ ᠠᠵᠤ ᠦᠢᠯᠡᠰ ᠢ ᠪᠣᠶᠢᠵᠢᠭᠤᠯᠬᠤ᠂ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ᠂ ᠨᠡᠶᠢᠭᠡᠮ ᠢ ᠵᠠᠰᠠᠬᠤ | ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠠᠶᠢᠨ ᠰᠠᠶᠢᠬᠠᠨ ᠣᠷᠴᠢᠨ ᠲᠣᠭᠤᠷᠢᠨ ᠪᠣᠯᠣᠨ ᠵᠣᠯ | ᠵᠢᠷᠭᠠᠯᠲᠤ ᠠᠮᠢᠳᠤᠷᠠᠯ ᠢ ᠬᠠᠮᠲᠤᠪᠠᠷ ᠴᠣᠭᠴᠠᠯᠠᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠲᠦᠩᠯᠢᠶᠣᠣ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ | ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃ |