ᠠᠷᠠᠳ ᠤᠨ ᠡᠳᠦᠷ ᠤᠨ ᠰᠣᠨᠢᠨ᠄ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠢ ᠨᠠᠩ ᠢᠯᠡᠭᠦᠦ ᠠᠮᠢᠵᠢᠷᠠᠯ  ᠤᠨ ᠬᠦᠴᠦᠨ ᠲᠠᠢ ᠪᠤᠯᠭᠠᠨ᠎ᠠ
ᠨᠡᠶᠢᠲᠡᠯᠡᠭᠰᠡᠨ ᠴᠠᠭ᠄
2023/6/8
   ᠤᠷᠴᠢᠮᠬᠠᠨ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠬᠡᠷᠡᠭᠯᠡᠯᠲᠡ ᠶᠢᠨ ᠠᠩᠬᠠᠨ ᠤ ᠪᠦᠯᠦᠭ ᠨᠡᠶᠢᠲᠡᠯᠢᠭ ᠵᠢᠱᠢᠶ᠎ᠡ ᠶᠢᠨ ᠨᠡᠷᠡᠰ ᠢ ᠨᠡᠶᠢᠳᠡᠯᠡᠵᠦ᠂ 33 ᠨᠢᠭᠡᠴᠢ ᠵᠢᠠᠠᠰᠠᠭᠠᠯᠳᠠ ᠳᠤ ᠤᠷᠤᠭᠰᠠᠨ ᠪᠠᠶᠢᠨ᠎ᠡ᠃ ᠡᠲᠡᠭᠡᠷ ᠲᠠᠯᠠᠪᠤᠷ ᠣᠷᠳᠣᠨ ᠨᠢ ᠡᠵᠡᠩᠨᠡᠯᠲᠡ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ᠂ ᠬᠡᠷᠡᠭᠰᠡᠯ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠨᠡᠭᠡᠭᠡᠯᠲᠡᠲᠤ ᠦᠢᠯᠡᠴᠢᠯᠡᠭᠡ ᠶᠢ ᠳᠡᠭᠡᠭᠰᠢᠯᠡᠭᠦᠯᠬᠦ᠂ ᠡᠵᠡᠩᠨᠡᠯᠲᠡ ᠶᠢᠨ ᠨᠠᠷᠠᠲᠤ ᠲᠥᠷᠥᠯ ᠲᠡᠮᠳᠡᠭᠲᠦ ᠶᠢᠨ ᠴᠢᠳᠠᠪᠤᠷᠢ ᠶᠢ ᠪᠣᠶ ᠪᠣᠯᠭᠠᠬᠤ ᠵᠡᠷᠭᠡ 4 ᠲᠠᠯ᠎ᠠ ᠪᠠᠷ ᠰᠠᠶᠢᠨ ᠲᠤᠷᠰᠢᠯᠭ᠎ᠠ ᠪᠠ ᠰᠠᠶᠢᠨ ᠠᠷᠭ᠎ᠠ᠂ ᠰᠢᠨ᠎ᠡ ᠣᠷᠣᠨ ᠵᠠᠢ ᠶᠢ ᠪᠣᠶ ᠪᠣᠯᠭᠠᠵᠤ᠂ ᠰᠢᠨ᠎ᠡ ᠠᠬᠤᠢ ᠪᠠᠶᠢᠳᠠᠯ ᠢ ᠡᠭᠦᠳᠴᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠠᠶᠢᠨ ᠰᠦᠪᠡᠭᠴᠢᠯᠡᠭᠰᠡᠨ ᠪᠠᠶᠢᠨ᠎ᠠ᠃     ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠨᠡᠭᠡᠭᠡᠯᠲᠡᠲᠤ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠨᠢ ᠣᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠨᠠᠩ ᠣᠯᠠᠨ ᠬᠥᠮᠥᠰ ᠢ ᠳᠠᠶᠢᠴᠢᠯᠠᠨ ᠪᠡᠶ᠎ᠡ ᠶᠢᠨ ᠲᠠᠮᠢᠷ ᠤᠨ ᠳᠠᠳᠬᠠᠯ ᠲᠠᠢ ᠪᠣᠯᠭᠠᠵᠤ᠂ ᠡᠷᠡᠭᠦᠯ ᠮᠡᠨᠳᠦ ᠪᠠ ᠪᠠᠶᠠᠷ ᠪᠠᠶᠠᠰᠤᠯ ᠢ ᠡᠳ᠋ᠯᠡᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠪᠠ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠤᠯᠤᠨ᠎ᠡ᠃     ᠠᠰᠢᠭᠯᠠᠯᠲᠠ ᠶᠢᠨ ᠨᠣᠷᠮ᠎ᠠ ᠶᠢ ᠬᠡᠷᠬᠢᠨ ᠳᠡᠭᠡᠭᠰᠢᠯᠡᠭᠦᠯᠬᠦ ᠪᠣᠶ︖ ︱ ᠤᠷᠤᠯᠳᠤᠭᠠᠨ ᠤ ᠳᠠᠷᠠᠭᠠᠬᠢ ᠠᠰᠢᠭᠯᠠᠯᠲᠠ ᠶᠢ ᠴᠢᠬᠤᠯᠠᠴᠢᠯᠠᠵᠤ᠂ ᠠᠷᠠᠳ ᠲᠤ ᠲᠥᠬᠦᠮ ᠦᠵᠡᠭᠦᠯᠬᠦ ᠲᠥᠬᠦᠭᠡᠷᠦᠮᠵᠢ ᠶᠢ ᠢᠵᠢ ᠪᠦᠷᠢᠳᠦᠭᠦᠯᠵᠦ᠂ ᠰᠦᠢᠳᠬᠡᠯ ᠬᠤᠷᠢᠶᠠᠬᠤ ᠦᠭᠡᠢ ᠪᠤᠶᠤ ᠰᠦᠢᠳᠬᠡᠯ ᠪᠠᠭ᠎ᠠ ᠬᠤᠷᠢᠶᠠᠵᠤ ᠪᠠᠶᠢᠭᠠᠳ ᠨᠡᠭᠡᠭᠡᠨ ᠬᠥᠭᠵᠢᠭᠦᠯᠦᠨ᠎ᠡ     ᠪᠡᠶ᠎ᠡ ᠪᠣᠯᠪᠠᠰᠤᠷᠠᠭᠤᠯᠬᠤ ᠪᠠᠷ ᠬᠠᠮᠢᠭ᠎ᠠ ᠣᠴᠢᠬᠤ ᠪᠤᠢ︖ ᠡᠨᠡ ᠪᠣᠯ ᠬᠥᠮᠥᠰ ᠤᠨ ᠰᠡᠳᠬᠢᠯ ᠲᠠᠯᠪᠢᠵᠤ ᠪᠠᠶᠢᠭ᠎ᠠ ᠶᠠᠷᠢᠶᠠᠨ ᠤ ᠰᠡᠳᠦᠪ ᠮᠥᠨ᠂ ᠪᠠᠰᠠ ᠴᠤ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯ ᠢ ᠥᠷᠨᠢᠭᠦᠯᠬᠦ ᠰᠢᠪᠲᠤᠯᠤᠯᠲᠠ ᠶᠢᠨ ᠴᠡᠭ ᠮᠥᠨ᠃ ︽ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠲᠤᠬᠠᠢ ᠰᠠᠨᠠᠯ︾ ᠳᠤ ᠳᠤᠷᠠᠳᠤᠭᠰᠠᠨ ᠨᠢ᠂ 2025 ᠣᠨ ᠪᠣᠯᠬᠤ ᠳᠤ ᠬᠥᠮᠥᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢ 2.6 ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠥᠨ ᠤ ᠲᠤᠭ᠎ᠠ ᠶᠢᠨ ᠬᠠᠷᠢᠴᠠᠯ ᠢ 38.5% ᠳᠤ ᠬᠦᠷᠦᠭᠦᠯᠦᠨ᠎ᠡ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢᠯᠠᠩᠭᠤᠶ᠎ᠠ ᠲᠣᠮᠣ ᠬᠡᠯᠪᠡᠷᠢ ᠶᠢᠨ ᠲᠠᠯᠠᠪᠤᠷ ᠣᠷᠳᠣᠨ ᠤ ᠠᠰᠢᠭᠯᠠᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠠᠮᠲᠤ ᠳᠤᠨᠢ  ᠬᠠᠷᠠᠭᠠᠯᠵᠠᠬᠤ ᠨᠢ ᠡᠨᠡ ᠬᠦ ᠬᠠᠷᠠᠯᠲᠠ ᠶᠢ ᠪᠡᠶᠡᠯᠡᠭᠦᠯᠬᠦ ᠳᠤ ᠰᠡᠳᠬᠢᠮᠵᠢ ᠬᠠᠩᠭᠠᠭᠰᠠᠨ ᠪᠠᠶᠢᠨ᠎ᠠ᠃     ᠥᠩᠭᠡᠷᠡᠭᠰᠡᠨ ᠳᠤ᠂ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ  ᠤ ᠤᠷᠤᠯᠳᠤᠭᠠᠨ ᠤ ᠳᠠᠷᠠᠭᠠᠬᠢ ᠠᠰᠢᠭᠯᠠᠯᠲᠠ ᠶᠢᠨ ᠨᠣᠷᠮ᠎ᠠ ᠥᠨᠳᠥᠷ ᠪᠢᠰᠢ  ᠃ ᠣᠳᠣᠬᠠᠨ ᠳᠤ᠂ ᠤᠯᠠᠮ ᠠᠴᠠ ᠤᠯᠠᠮ ᠣᠯᠠᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠲᠣᠮᠣ ᠬᠡᠯᠪᠡᠷᠢ ᠶᠢᠨ ᠤᠷᠤᠯᠳᠤᠭᠠᠨ ᠳᠤ ᠦᠢᠯᠡᠴᠢᠯᠡᠬᠦ ᠪᠠᠷ ᠪᠠᠷᠠᠬᠤ ᠦᠭᠡᠢ᠂ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠳᠤ ᠦᠢᠯᠡᠴᠢᠯᠡᠬᠦ ᠶᠢ ᠨᠠᠩ ᠴᠢᠬᠤᠯᠠᠴᠢᠯᠠᠵᠤ᠂ ᠨᠠᠩ ᠣᠯᠠᠨ ᠬᠥᠮᠥᠰ ᠤᠨ ᠬᠦᠷᠢᠶᠡᠯᠡᠯ ᠢ ᠣᠯᠵᠤ ᠪᠠᠶᠢᠨ᠎ᠠ᠃ 2021 ︱ 2022 ᠣᠨ ᠳᠤ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠯᠢᠶᠣᠤᠨᠢᠩ᠂ ᠵᠢᠶᠠᠩᠰᠤ᠂ ᠵᠧᠵᠢᠶᠠᠩ᠂ ᠬᠤᠪᠧᠢ᠂ ᠭᠤᠸᠠᠩᠰᠢ᠂ ᠨᠢᠩᠰᠢᠶᠠ ᠳᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠢ ᠨᠡᠭᠡᠭᠡᠨ ᠬᠡᠷᠡᠭᠯᠡᠬᠦ ᠶᠡᠷᠦᠩᠬᠡᠶᠢᠯᠡᠭᠰᠡᠨ ᠲᠤᠷᠰᠢᠯᠲᠠ ᠶᠢ ᠥᠷᠨᠢᠭᠦᠯᠪᠡ᠂ ᠡᠨᠡ ᠤᠳᠠᠭ᠎ᠠ ᠨᠡᠶᠢᠲᠡᠯᠡᠭᠰᠡᠨ 33 ᠨᠡᠶᠢᠲᠡᠯᠢᠭ ᠬᠡᠷᠡᠭ ᠤᠨ ᠵᠢᠱᠢᠶ᠎ᠡ ᠪᠣᠯ ᠳᠠᠷᠤᠢ ᠡᠭᠦᠨ ᠤ ᠳᠣᠲᠣᠷᠠᠬᠢ ᠲᠥᠯᠥᠭᠡᠯᠡᠭᠴᠢ ᠪᠣᠯᠣᠨ᠎ᠠ᠃      ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠠᠽᠢᠶ᠎ᠠ ᠲᠢᠪ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠤᠨ ᠨᠢᠭᠡ ᠪᠣᠯᠤᠭᠰᠠᠨ ᠤ ᠬᠤᠪᠢ ᠳᠤ᠂ ᠵᠧᠵᠢᠶᠠᠩ ᠮᠤᠵᠢ ᠶᠢᠨ ᠬᠤᠸᠠᠩ ᠯᠦᠩ ᠪᠡᠶ᠎ᠡ ᠶᠢᠨ ᠲᠠᠮᠢᠷ ᠤᠨ ᠲᠥᠪ ᠦᠭᠡᠷᠡᠴᠢᠯᠠᠨ ᠪᠠᠶᠢᠭᠤᠯᠬᠤ  ᠠᠴᠠ ᠡᠮᠦᠨ᠎ᠡ ᠳᠠᠷᠤᠢ ᠤᠷᠤᠯᠳᠤᠭᠠᠨ ᠤ ᠳᠠᠷᠠᠭᠠᠬᠢ ᠠᠰᠢᠭᠯᠠᠬᠤ ᠪᠦᠷᠢᠨ ᠲᠡᠭᠦᠯᠳᠡᠷ ᠲᠥᠰᠥᠯ ᠢ ᠲᠣᠭᠲᠠᠭᠠᠵᠤ᠂ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠦᠷ᠎ᠡ ᠪᠦᠳᠦᠭᠡᠯ ᠢ ᠬᠠᠮᠳᠦᠪᠡᠷ ᠡᠳ᠋ᠯᠡᠬᠦ ᠶᠢ ᠠᠬᠢᠭᠤᠯᠪᠠ᠃ ᠡᠭᠦᠨ ᠠᠴᠠ ᠭᠠᠳᠠᠨ᠎ᠠ᠂ ᠲᠠᠯᠠᠪᠠᠶ ᠣᠷᠳᠣᠨ ᠳᠤ ᠪᠠᠰᠠ ᠬᠡᠦᠬᠡᠳ ᠤᠨ ᠵᠤᠭ᠎ᠠ ᠴᠡᠩᠭᠡᠯ ᠤᠨ ᠲᠣᠭᠤᠷᠢᠭ᠂ ᠲᠣᠭᠤᠷᠢᠯ ᠵᠠᠮ ᠵᠡᠷᠭᠡ 2 ᠲᠦᠮᠡ ᠭᠠᠷᠤᠢ ᠲᠡᠭᠰᠢ ᠳᠥᠷᠪᠡᠯᠵᠢᠨ ᠮᠧᠲᠷ ᠤᠨ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠣᠷᠣᠨ ᠵᠠᠢ ᠶᠢ ᠨᠡᠮᠡᠨ ᠪᠠᠶᠢᠭᠤᠯᠵᠤ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃  ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠭᠠᠵᠠᠷ ᠤᠨ ᠳᠠᠷᠤᠭ᠎ᠠ ᠵᠣᠣ ᠠᠢ ᠭᠦᠸᠧ ᠠᠴᠠ ︽ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠨᠡᠩ ᠳᠥᠭᠦᠮ ᠳᠥᠲᠡ ᠪᠡᠶ᠎ᠡ ᠴᠢᠭᠢᠷᠠᠭᠵᠢᠭᠤᠯᠬᠤ ᠣᠷᠴᠢᠨ ᠨᠥᠬᠦᠴᠡᠯ ᠢ ᠪᠤᠶ ᠪᠣᠯᠭᠠᠵᠤ᠂ ᠨᠡᠩ ᠠᠮᠢᠳᠤᠯᠢᠭ ᠬᠠᠮᠢᠶᠠᠷᠤᠯᠲᠠ ᠶᠢᠨ ᠲᠣᠭᠲᠠᠴᠠ ᠶᠢ ᠪᠤᠶ ᠪᠣᠯᠭᠠᠬᠤ ᠬᠡᠷᠡᠭᠲᠡᠢ᠂ ᠪᠠᠰᠠ ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ ᠠᠵᠢᠯᠯᠠᠭᠤᠯᠤᠨ᠂ ᠲᠠᠯᠠᠪᠤᠷ ᠣᠷᠳᠣᠨ ᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠪᠣᠯᠣᠨ ᠪᠡᠶ᠎ᠡ  ᠶᠢᠨ ᠲᠠᠮᠢᠷ ᠤᠨ ᠤᠷᠤᠯᠳᠤᠭᠠᠨ ᠤ ᠭᠤᠣᠯ ᠰᠠᠭᠤᠷᠢᠨ ᠪᠣᠯᠭᠠᠪᠠᠯ ᠰᠠᠶ᠋ᠢ ᠨᠡᠩ ᠥᠷᠭᠡᠨ ᠳᠡᠯᠭᠡᠷ ᠪᠡᠶ᠎ᠡ ᠴᠢᠭᠢᠷᠠᠭᠵᠢᠭᠤᠯᠬᠤ ᠴᠤᠭᠴᠠ ᠢ ᠲᠠᠲᠠᠵᠤ᠂ ᠰᠠᠶᠢᠨ ᠣᠷᠴᠢᠯ ᠢ ᠪᠤᠶ ᠪᠣᠯᠭᠠᠵᠤ ᠴᠢᠳᠠᠨ᠎ᠠ︾  ᠭᠡᠵᠦ ᠢᠯᠡᠷᠬᠡᠶᠢᠯᠡᠪᠡ᠃     ᠥᠨᠳᠥᠷ ᠪᠦᠲᠦᠮᠵᠢᠲᠡᠶ ᠪᠠᠷ ᠠᠵᠢᠯᠯᠠᠭᠤᠯᠬᠤ ᠶᠢ ᠬᠡᠷᠬᠢᠨ ᠪᠡᠶᠡᠯᠡᠭᠦᠯᠬᠦ ᠪᠤᠢ ︱ ᠭᠤᠷᠪᠠᠳᠠᠭᠢ ᠡᠲᠡᠭᠡᠳ ᠤᠨ ᠲᠤᠰᠬᠠᠢ ᠪᠠᠶᠢᠭᠤᠯᠤᠮᠵᠢ ᠳᠤ ᠨᠠᠶᠢᠳᠠᠵᠤ ᠠᠵᠢᠯᠯᠠᠭᠤᠯᠤᠨ᠂ ᠪᠦᠬᠦᠯᠢ ᠨᠠᠰᠤᠨ ᠤ ᠨᠥᠬᠦᠷᠰᠡᠭ ᠪᠠᠶᠢᠬᠤ ᠣᠶᠢᠯᠠᠭᠠᠭᠳᠠᠬᠤᠨ ᠢ ᠨᠠᠶᠢᠳᠠᠪᠤᠷᠢᠵᠢᠭᠤᠯᠤᠨ᠎ᠠ     ᠡᠯ᠎ᠡ ᠭᠠᠵᠠᠷ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠲᠥᠬᠦᠭᠡᠷᠦᠮᠵᠢ ᠲᠠᠰᠤᠷᠠᠯᠲᠠ ᠦᠭᠡᠢ ᠨᠡᠮᠡᠭᠳᠡᠬᠦ ᠶᠢ ᠳᠠᠭᠠᠯᠳᠤᠨ᠂ ᠲᠠᠯᠠᠪᠠᠶ ᠣᠷᠳᠣᠨ ᠤ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠳᠤ ᠨᠠᠩ ᠥᠨᠳᠥᠷ ᠱᠠᠭᠠᠷᠳᠠᠯᠭ᠎ᠠ ᠳᠤᠷᠠᠳᠪᠠ᠃ ᠬᠠᠩᠵᠧᠦ ᠶᠢᠨ ᠬᠤᠲᠠ ᠶᠢᠨ ᠠᠷᠠᠳ ᠲᠢᠶᠠᠨ ᠠᠪᠤᠭᠠᠢ ᠰᠤᠷᠪᠤᠯᠵᠢᠯᠠᠭᠴᠢ ᠳᠤ ᠥᠪᠡᠷ ᠤᠨ ᠦᠷᠭᠦᠯᠵᠢ ᠬᠡᠷᠡᠭᠯᠡᠳᠡᠭ ︽ᠵᠧᠵᠢᠶᠠᠩ ᠤᠨ ᠪᠡᠶ᠎ᠡ ᠴᠢᠭᠢᠷᠠᠭᠵᠢᠭᠤᠯᠬᠤ︾ ᠭᠠᠷ ᠤᠲᠠᠰᠤᠨ ᠤ ᠬᠡᠷᠡᠭᠯᠡᠭᠡᠨ ᠤ ᠲᠠᠪᠴᠠᠩ ᠢᠶᠠᠨ ᠳᠡᠯᠭᠡᠨ ᠦᠵᠡᠭᠦᠯᠪᠡ᠂ ᠲᠠᠪᠴᠠᠩ ᠨᠢ ᠵᠧᠵᠢᠶᠠᠩ ᠮᠤᠵᠢ ᠶᠢᠨ 100 ᠭᠠᠷᠤᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠭᠠᠵᠠᠷ ᠤᠨ ᠵᠢᠷᠤᠭ︾ ᠲᠤ ᠣᠷᠣᠭᠤᠯᠵᠤ᠂ ᠲᠠᠯᠠᠪᠤᠷ ᠡᠷᠢᠬᠦ᠂ ᠤᠷᠢᠳᠴᠢᠯᠠᠨ ᠵᠠᠬᠢᠶᠠᠯᠠᠬᠤ᠂ ᠵᠠᠮᠴᠢᠯᠠᠬᠤ ᠵᠡᠷᠭᠡ ᠴᠢᠳᠠᠮᠵᠢ ᠶᠢ ᠨᠢᠭᠡ ᠯᠡ ᠳᠡᠭᠡᠷ᠎ᠡ ᠪᠡᠶᠡᠯᠡᠭᠦᠯᠵᠦ᠂ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠳᠡᠭᠡᠷ᠎ᠡ ︽ᠪᠡᠶ᠎ᠡ ᠶᠢᠨ ᠲᠠᠮᠢᠷ ᠤᠨ ᠬᠥᠳᠡᠯᠭᠡᠭᠡᠨ︾ ᠬᠢᠬᠦ ᠬᠥᠮᠥᠨ ᠶᠠᠪᠤᠬᠤ ᠲᠤᠲᠤᠮ ᠣᠯᠠᠰᠢᠷᠠᠪᠠ᠃  ᠵᠧᠵᠢᠶᠠᠩ ᠤᠨ ᠬᠤᠸᠠᠩ ᠯᠦᠩ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠸᠠᠩ ᠫᠢᠩ ︽ᠣᠶᠤᠨᠴᠢ ᠲᠠᠯᠠᠪᠠᠶ ᠣᠷᠳᠣᠨ ᠪᠠᠶᠢᠭᠤᠯᠬᠤ ᠨᠢ ᠣᠯᠠᠨ ᠲᠦᠮᠡᠨ ᠳᠤ ᠳᠥᠭᠦᠮ ᠦᠵᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠠᠯᠠᠪᠠᠶ ᠣᠷᠳᠣᠨ ᠤ ᠬᠥᠮᠥᠨ ᠤ ᠬᠦᠴᠦᠨ ᠤ ᠦᠢᠯᠡᠴᠢᠯᠡᠭᠡᠨ ᠤ ᠥᠪᠡᠷ ᠤᠨ ᠥᠷᠲᠡᠭ ᠪᠣᠯᠣᠨ ᠡᠵᠡᠩᠨᠡᠯᠲᠡ ᠬᠠᠮᠢᠶᠠᠷᠤᠯᠲᠠ ᠶᠢᠨ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠵᠤ᠂ ᠠᠮᠤᠷ ᠲᠦᠪᠰᠢᠨ ᠢᠶᠠᠷ ᠠᠵᠢᠯᠯᠠᠬᠤ ᠳᠤ ᠰᠠᠭᠤᠷᠢ ᠲᠠᠯᠪᠢᠵᠤ ᠥᠭᠴᠡᠢ︾ ᠭᠡᠵᠦ ᠢᠯᠡᠳᠬᠡᠪᠡ᠃     ᠡᠶᠢᠮᠦᠷᠬᠦ ᠡᠵᠡᠩᠨᠡᠯᠲᠡ ᠶᠢᠨ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠰᠠ ᠮᠠᠰᠢ ᠤᠯᠠᠨ ᠪᠠᠶᠢᠨ᠎ᠠ᠂ ᠲᠤᠰ ᠤᠳᠠᠭ᠎ᠠ ᠶᠢᠨ ᠨᠡᠶᠢᠲᠡᠯᠢᠭ ᠬᠡᠷᠡᠭ ᠲᠤ ᠰᠣᠩᠭᠤᠭᠳᠠᠭᠰᠠᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠣᠯᠠᠩᠬᠢ ᠨᠢ ᠭᠤᠷᠪᠠᠳᠠᠭᠢ ᠡᠲᠡᠭᠡᠳ ᠤᠨ ᠲᠤᠰᠬᠠᠢ ᠪᠠᠶᠢᠭᠤᠯᠤᠮᠵᠢ ᠳᠤ ᠨᠠᠶᠢᠳᠠᠨ ᠡᠵᠡᠩᠨᠡᠭᠦᠯᠬᠦ ᠵᠠᠭᠪᠤᠷ ᠢ ᠬᠡᠷᠡᠭᠯᠡᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠰᠦᠢᠳᠬᠡᠯ ᠬᠤᠷᠢᠶᠠᠬᠤ ᠦᠨ᠎ᠡ ᠲᠣᠭᠲᠠᠭᠠᠬᠤ ᠵᠡᠷᠭᠡ ᠲᠠᠯ᠎ᠠ ᠪᠠᠷ ᠨᠡᠶᠢᠲᠡ ᠶᠢᠨ ᠠᠰᠠᠷᠠᠮᠵᠢ ᠶᠢᠨ ᠴᠢᠨᠠᠷ ᠢ ᠢᠯᠡᠷᠡᠭᠦᠯᠬᠦ ᠶᠢ ᠬᠢᠨᠠᠨ ᠵᠢᠯᠤᠭᠤᠳᠴᠤ᠂ ᠤᠯᠠᠨ ᠲᠦᠮᠡᠨ ᠳᠤ ᠨᠡᠩ ᠰᠠᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠶᠢᠯᠠᠭᠠᠯᠲᠠ ᠣᠯᠭᠤᠵᠠᠢ᠃     ᠱᠠᠩᠬᠠᠢ ᠬᠤᠲᠠ ᠶᠢᠨ ᠪᠣᠣᠱᠠᠨ ᠪᠡᠶ᠎ᠡ ᠶᠢᠨ ᠲᠠᠮᠢᠷ ᠤᠨ ᠲᠥᠪ ᠤᠨ ᠡᠵᠡᠯᠡᠬᠦ ᠲᠠᠯᠠᠪᠠᠶ ᠨᠢ 7 ᠲᠦᠮᠡᠨ ᠲᠡᠭᠰᠢ ᠳᠥᠷᠪᠡᠯᠵᠢᠨ ᠮᠧᠲᠷ ᠪᠤᠯᠪᠠᠴᠦ ᠭᠤᠣᠯ ᠬᠠᠮᠢᠶᠠᠷᠤᠯᠲᠠ ᠶᠢᠨ ᠪᠦᠯᠬᠦᠮ ᠳᠤ ᠵᠥᠪᠬᠡᠨ 10 ᠬᠥᠮᠥᠨ ᠪᠠᠶᠢᠪᠠ᠃ ᠲᠠᠯᠠᠪᠠᠶ ᠣᠷᠳᠣᠨ ᠢ ᠬᠡᠷᠬᠢᠨ ᠥᠨᠳᠥᠷ ᠪᠦᠲᠦᠮᠵᠢᠲᠡᠶ ᠪᠠᠷ ᠠᠵᠢᠯᠯᠠᠭᠤᠯᠬᠤ ᠪᠣᠶ︖ ᠬᠠᠮ ᠬᠡᠯᠪᠡᠷᠢ ᠶᠢᠨ ᠡᠵᠡᠩᠨᠡᠯᠲᠡ ᠶᠢᠨ ᠵᠠᠭᠪᠤᠷ ᠪᠣᠯ ᠵᠠᠩᠭᠢᠯᠠᠭ᠎ᠠ ᠪᠣᠯᠣᠨ᠎ᠠ ︱ ᠴᠢᠬᠤᠯᠠ ᠡᠬᠢ ᠪᠠᠶᠠᠯᠢᠭ ᠢ ᠪᠡᠶ᠎ᠡ ᠪᠠᠨ ᠳᠠᠭᠠᠭᠠᠵᠤ ᠡᠵᠡᠩᠨᠡᠬᠦ᠂ ᠬᠤᠳᠠᠯᠳᠤᠭᠠᠨ ᠤ ᠦᠨ᠎ᠡ ᠥᠷᠲᠡᠭ ᠢᠶᠠᠷ ᠨᠡᠯᠢᠶᠡᠳ ᠶᠡᠭᠡ ᠣᠷᠣᠨ ᠪᠦᠰᠡ ᠳᠤ ᠲᠦᠷᠢᠶᠡᠰᠦᠯᠡᠨ ᠡᠵᠡᠩᠨᠡᠬᠦ᠂ ᠬᠥᠭᠵᠢᠯᠲᠡ ᠶᠢᠨ ᠬᠠᠨᠳᠤᠰᠢ ᠳᠤ ᠨᠡᠶᠢᠴᠡᠬᠦ ᠪᠣᠯᠪᠠᠴᠤ ᠬᠠᠷᠠᠬᠠᠨ ᠪᠣᠯᠪᠠᠰᠤᠷᠠᠩᠭᠤᠢ ᠪᠣᠯᠣᠭᠠᠳᠤᠢ ᠰᠢᠨ᠎ᠡ ᠬᠡᠯᠪᠡᠷᠢ ᠶᠢᠨ ᠲᠥᠷᠥᠯ ᠵᠦᠢᠯ ᠤᠨ ᠲᠠᠯᠠᠪᠠᠶ ᠣᠷᠳᠣᠨ ᠳᠤ ᠪᠣᠯ ᠬᠤᠷᠰᠢᠨ ᠡᠵᠡᠩᠨᠡᠬᠦ ᠵᠠᠭᠪᠤᠷ ᠢ ᠬᠡᠷᠡᠭᠯᠡᠨ᠎ᠡ᠃ ᠲᠠᠨᠢᠯᠴᠠᠭᠤᠯᠤᠭᠰᠠᠨ ᠢᠶᠠᠷ᠂ ᠲᠠᠯᠠᠪᠠᠶ ᠣᠷᠳᠣᠨ ᠳᠤ ᠵᠢᠯ ᠪᠦᠷᠢ ᠳᠤᠮᠳᠠᠴᠢ ᠪᠠᠷ 350 ᠲᠦᠮᠡᠨ ᠬᠥᠮᠥᠨ ᠤᠳᠠᠭ᠎ᠠ ᠬᠤᠲᠠ ᠶᠢᠨ ᠠᠷᠠᠳ ᠢ ᠭᠥᠯᠢᠶᠡᠨ ᠠᠪᠴᠤ᠂ ᠣᠯᠵᠤ ᠠᠯᠳᠠᠬᠤ ᠪᠠᠨ ᠥᠪᠡᠰᠦᠪᠡᠨ ᠬᠠᠷᠢᠭᠤᠴᠠᠬᠤ᠂ ᠪᠠᠭ᠎ᠠ ᠰᠠᠭ᠎ᠠ ᠦᠯᠡᠳᠡᠪᠦᠷᠢ ᠲᠠᠢ ᠪᠠᠶᠢᠬᠤ ᠬᠠᠷᠠᠯᠲᠠ ᠶᠢ ᠪᠡᠶᠡᠯᠡᠭᠦᠯᠪᠡ᠃     ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠪᠦᠬᠦᠯᠢ ᠨᠠᠰᠤᠨ ᠤ ᠨᠥᠬᠦᠷᠰᠡᠭ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠨᠢ ᠴᠥᠭᠡᠨ ᠪᠤᠰᠤ ᠲᠠᠯᠠᠪᠤᠷ ᠣᠷᠳᠣᠨ ᠤ ᠨᠡᠭᠡᠭᠡᠯᠲᠡᠲᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠰᠢᠨ᠎ᠡ ᠠᠷᠭ᠎ᠠ ᠵᠠᠮ ᠪᠣᠯᠪᠠ᠃ ᠬᠠᠷᠠᠮᠥ᠋ᠷᠡᠨ ᠮᠤᠵᠢ ᠶᠢᠨ ᠳ᠋ᠠᠴᠢᠩ ᠬᠤᠳᠠ ᠶᠢᠨ ᠤᠮᠪᠠᠯᠲᠠ ᠶᠢᠨ ᠣᠷᠳᠣᠨ ᠨᠢ ᠤᠯᠠᠨ ᠳᠤᠮᠳᠠᠳᠤ ᠪᠠᠭ᠎ᠠ ᠰᠤᠷᠭᠠᠭᠤᠯᠢ ᠲᠠᠢ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠤᠮᠪᠠᠯᠲᠠ ᠶᠢᠨ ᠲᠦᠷᠦᠯ ᠵᠦᠢᠯ ᠢ ᠲᠦᠭᠡᠮᠡᠯᠵᠢᠭᠦᠯᠬᠦ ᠬᠢᠴᠢᠶᠡᠯ ᠪᠣᠯᠣᠨ ︽ᠬᠤᠶᠠᠳᠤᠭᠠᠷ ᠬᠢᠴᠢᠶᠡᠯ ᠤᠨ ᠲᠠᠩᠬᠢᠮ︾  ᠤᠨ ᠠᠵᠢᠯᠯᠠᠭ᠎ᠠ ᠶᠢ ᠥᠷᠨᠢᠭᠦᠯᠵᠦ᠂ ᠵᠢᠯ ᠳᠤᠮᠳᠠᠴᠢ ᠶᠢᠨ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠯ ᠢᠶᠠᠷ ᠵᠠᠯᠠᠭᠤᠴᠤᠳ ᠪᠠᠭᠠᠴᠤᠳ ᠢ 3500 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠪᠠ᠃     ᠨᠡᠷ᠎ᠡ ᠠᠯᠳᠠᠷᠰᠢᠯ ᠢᠶᠠᠨ ᠬᠡᠷᠬᠢᠨ ᠳᠡᠭᠡᠭᠰᠢᠯᠡᠭᠦᠯᠬᠦ ᠪᠤᠢ︖ ︱ ᠤᠷᠤᠯᠳᠤᠭᠠᠨ ᠤ ᠲᠦᠷᠦᠯ ᠲᠡᠮᠳᠡᠭ ᠢ ᠪᠤᠢ ᠪᠤᠯᠭᠠᠵᠦ᠂ ᠪᠡᠶ᠎ᠡ ᠶᠢᠨ ᠲᠠᠮᠢᠷ ᠪᠠ ᠵᠤᠭᠠᠴᠠᠯ ᠤᠨ ᠠᠭᠤᠰᠤᠯᠴᠠᠯ ᠢ ᠠᠬᠢᠭᠤᠯᠵᠤ᠂ ᠣᠨᠴᠠᠯᠢᠭᠲᠤ ᠲᠦᠷᠦᠯ ᠵᠦᠢᠯ ᠢ ᠣᠷᠣᠭᠤᠯᠤᠨ ᠠᠪᠴᠢᠷᠠᠨ᠎ᠠ     ᠲᠠᠯᠠᠪᠠᠶ ᠣᠷᠳᠣᠨ ᠤ ᠠᠯᠳᠠᠷᠰᠢᠯ ᠢ ᠬᠡᠷᠬᠢᠨ ᠳᠡᠭᠡᠭᠰᠢᠯᠡᠭᠦᠯᠵᠦ᠂ ᠦᠷᠭᠦᠯᠵᠢᠯᠡᠬᠦ ᠬᠥᠭᠵᠢᠯᠲᠡ ᠶᠢ ᠬᠡᠷᠬᠢᠨ ᠪᠡᠶᠡᠯᠡᠭᠦᠯᠬᠦ ᠪᠤᠶ︖ ᠴᠥᠭᠡᠨ ᠪᠤᠰᠤ ᠲᠠᠯᠠᠪᠤᠷ ᠣᠷᠳᠣᠨ ᠳᠤ ︽ᠪᠡᠶ᠎ᠡ ᠶᠢᠨ ᠲᠠᠮᠢᠷ ᠢᠶᠠᠷ ᠭᠤᠣᠯ ᠪᠣᠯᠭᠠᠵᠤ᠂ ᠤᠷᠤᠯᠳᠤᠭᠠᠨ  ᠢᠶᠠᠷ ᠣᠷᠳᠣᠨ ᠢ ᠬᠥᠮᠥᠵᠢᠭᠦᠯᠬᠦ︾ ᠲᠠᠯ᠎ᠠ ᠪᠠᠷ ᠶᠡᠭᠡ ᠬᠦᠴᠦ ᠣᠷᠣᠭᠤᠯᠤᠭᠰᠠᠨ ᠪᠠᠶᠢᠨ᠎ᠠ᠃ ᠱᠠᠨᠳᠦ᠋ᠩ ᠮᠤᠵᠢ ᠶᠢᠨ ᠵᠢᠨᠠᠨ ᠤ ᠣᠯᠢᠮᠫᠢᠺ ᠤᠨ ᠲᠠᠮᠢᠷ ᠤᠨ ᠲᠥᠪ ᠤᠮᠪᠠᠯᠲᠠ ᠶᠢᠨ ᠳᠡᠯᠡᠬᠡᠢ ᠶᠢᠨ ᠬᠤᠨᠳᠠᠭᠠᠲᠤ ᠤᠷᠤᠯᠳᠤᠭᠠᠨ᠂ ATP ︵ᠣᠯᠠᠨ ᠤᠯᠤᠰ ᠤᠨ ᠲᠤᠰᠬᠠᠢ ᠮᠡᠷᠭᠡᠵᠢᠯ ᠤᠨ ᠲᠣᠣᠷ ᠪᠥᠮᠪᠦᠭᠡ ᠶᠢᠨ ᠬᠤᠯᠪᠣᠭᠠᠲᠤ ᠬᠤᠷᠠᠯ︶ ᠶᠢᠨ ᠲᠣᠣᠷ ᠪᠥᠮᠪᠦᠭᠡ ᠶᠢᠨ ᠢᠯᠡ ᠤᠷᠤᠯᠳᠤᠭᠠᠨ ᠵᠡᠷᠭᠡ ᠳᠡᠭᠡᠳᠦ ᠳᠡᠰ ᠤᠨ ᠤᠷᠤᠯᠳᠤᠭᠠᠨ᠂ ᠳᠤᠮᠳᠠᠳᠤ ᠤᠯᠤᠰ ᠤᠨ ᠬᠡᠳᠦ ᠳᠡᠰ ᠤᠨ ᠤᠷᠤᠯᠳᠤᠭᠠᠨ᠂ ᠳᠤᠮᠳᠠᠳᠤ ᠤᠯᠤᠰ ᠤᠨ ᠠᠵᠢᠯ ᠮᠡᠷᠭᠡᠵᠢᠯ ᠤᠨ ᠰᠠᠭᠰᠤᠨ ᠪᠥᠮᠪᠦᠭᠡ ᠶᠢᠨ ᠠᠩᠭᠢ ᠵᠡᠷᠭᠡ ᠠᠵᠢᠯ ᠮᠡᠷᠭᠡᠵᠢᠯ ᠤᠨ ᠬᠤᠯᠪᠣᠭᠠᠲᠤ ᠤᠷᠤᠯᠳᠤᠭᠠᠨ ᠤ ᠭᠤᠣᠯ ᠲᠠᠯᠠᠪᠤᠷ ᠤᠨ ᠤᠷᠤᠯᠳᠤᠭᠠᠨ ᠢ ᠬᠦᠯᠢᠶᠡᠨ ᠠᠪᠤᠭᠰᠠᠨ ᠪᠥᠭᠡᠳ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠢᠨᠠᠨ ᠤ ᠠᠵᠢᠯ ᠤᠨ ᠴᠢᠯᠦᠭᠡᠨ ᠤ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠵᠡᠷᠭᠡ ᠣᠷᠣᠨ ᠨᠤᠲᠤᠭ ᠤᠨ ᠤᠷᠤᠯᠳᠤᠭᠠᠨ ᠤ ᠠᠵᠢᠯᠯᠠᠭ᠎ᠠ ᠶᠢ ᠬᠢᠵᠦ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠥᠭᠡᠳ ᠲᠠᠯᠠᠪᠠᠶ ᠣᠷᠳᠣᠨ ᠤ ︽ᠥᠪᠡᠷ ᠤᠨ ᠬᠦᠴᠦᠨ ᠢᠶᠠᠨ ᠪᠦᠲᠦᠭᠡᠬᠦ︾ ᠴᠢᠳᠠᠪᠤᠷᠢ ᠶᠢ ᠴᠤ ᠳᠡᠭᠡᠭᠰᠢᠯᠡᠭᠦᠯᠦᠭᠰᠡᠨ ᠪᠠᠶᠢᠨ᠎ᠠ᠃       2022 ᠣᠨ ᠳᠤ ᠪᠡᠭᠡᠵᠢᠩ ᠤᠨ ᠡᠪᠦᠯ ᠤᠨ ᠤᠯᠢᠮᠫᠢᠺ ᠤᠨ ᠴᠤᠭᠯᠠᠭᠠᠨ ᠠᠮᠵᠢᠯᠲᠠ ᠲᠠᠢ ᠶᠠᠪᠤᠭᠳᠠᠵᠤ᠂ ᠤᠯᠤᠰ ᠤᠨ ᠳᠣᠲᠣᠭᠠᠳᠤ ᠶᠢᠨ ᠤᠯᠠᠨ ᠲᠦᠮᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠦᠷᠭᠡᠨ ᠬᠥᠭᠵᠢᠯᠲᠡ ᠶᠢ ᠳᠠᠶᠢᠴᠢᠯᠠᠪᠠ᠃ ᠬᠢᠷᠢᠨ ᠮᠤᠵᠢ ᠶᠢᠨ ᠶᠠᠨ ᠵᠢᠢ ᠬᠤᠳᠠ ᠶᠢᠨ ᠠᠷᠠᠳ ᠤᠨ ᠪᠡᠶ᠎ᠡ ᠶᠢᠨ ᠲᠠᠮᠢᠷ ᠤᠨ ᠲᠠᠯᠠᠪᠠᠢ ᠳᠤ ᠮᠥᠰᠥ ᠴᠠᠰᠤᠨ ᠤ ᠲᠠᠮᠢᠷ ᠤᠨ ᠤᠷᠤᠯᠳᠤᠭᠠᠨ ᠤ ᠲᠦᠷᠦᠯ ᠵᠦᠢᠯ ᠢ ᠨᠡᠮᠡᠨ ᠪᠠᠶᠢᠭᠤᠯᠵᠤ᠂ ᠲᠦᠷᠭᠡᠨ ᠲᠡᠰᠢᠯᠲᠡ ᠶᠢᠨ ᠤᠷᠤᠯᠳᠤᠭᠠᠨ ᠤ ᠵᠠᠮ᠂ ᠣᠶᠢᠷ᠎ᠠ ᠵᠠᠮ ᠤᠨ ᠲᠦᠷᠭᠡᠨ ᠲᠡᠰᠢᠯᠲᠡ ᠶᠢᠨ ᠤᠷᠤᠯᠳᠤᠭᠠᠨ ᠤ ᠬᠤᠶᠠᠷ ᠵᠠᠮ ᠢ ᠪᠠᠶᠢᠭᠤᠯᠤᠭᠰᠠᠨ ᠪᠥᠭᠡᠳ ᠤᠯᠠᠨ ᠵᠦᠢᠯ ᠤᠨ ᠮᠥᠰᠥ ᠴᠠᠰᠤᠨ ᠤ ᠵᠤᠭ᠎ᠠ ᠴᠡᠩᠭᠡᠯ ᠤᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠭᠠᠷᠭᠠᠵᠤ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠮᠥᠰᠥ ᠴᠠᠰᠤᠨ ᠤ ᠪᠡᠶ᠎ᠡ  ᠶᠢᠨ ᠲᠠᠮᠢᠷ ᠲᠤ ᠤᠴᠢᠬᠤ ᠰᠠᠶᠢᠨ ᠭᠠᠵᠠᠷ ᠪᠣᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠲᠠᠯᠠᠪᠠᠶ ᠣᠷᠳᠣᠨ ᠨᠢ ᠡᠯ᠎ᠡ ᠲᠠᠯ᠎ᠠ ᠶᠢᠨ ᠡᠬᠢ ᠪᠠᠶᠠᠯᠢᠭ ᠢ ᠵᠣᠬᠢᠴᠠᠭᠤᠯᠵᠤ᠂ ᠪᠡᠶ᠎ᠡ ᠶᠢᠨ ᠲᠠᠮᠢᠷ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠢ ᠠᠬᠢᠭᠤᠯᠵᠤ᠂ ᠣᠶᠢᠷ᠎ᠠ ᠶᠢᠨ ᠵᠢᠯ ᠤᠳ ᠲᠤ ᠠᠶᠠᠨᠴᠢᠳ ᠲᠠᠰᠤᠷᠠᠯᠲᠠ ᠦᠭᠡᠢ ᠨᠡᠮᠡᠭᠳᠡᠵᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠨᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨ᠎ᠡ ᠴᠢᠭᠯᠡᠯ ᠪᠣᠯᠤᠭᠰᠠᠨ ᠪᠠᠶᠢᠨ᠎ᠠ᠃     ᠲᠠᠯᠠᠪᠠᠶ ᠣᠷᠳᠣᠨ ᠤ ᠡᠵᠡᠩᠨᠡᠯᠲᠡ ᠨᠢ ︽ᠨᠢᠭᠡ ᠯᠡ ᠤᠳᠠᠭᠠᠨ ᠤ ᠠᠷᠠᠯᠵᠢᠶ᠎ᠡ︾ ᠪᠢᠰᠢ᠂ ᠡᠵᠡᠩᠨᠡᠯᠲᠡ ᠶᠢᠨ ᠲᠠᠯ᠎ᠠ ᠶᠢᠨ ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠭᠠᠷᠬᠤ ᠵᠠᠮ ᠡᠷᠢᠵᠦ᠂ ᠠᠷᠭ᠎ᠠ ᠪᠤᠳᠤᠬᠤ ᠴᠢᠬᠤᠯᠠᠲᠠᠢ ᠶᠤᠮ᠃ ᠬᠠᠩᠵᠧᠦ ᠬᠤᠲᠠ ᠶᠢᠨ ᠰᠢ ᠬᠤ᠋ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠥᠪ ᠲᠤ ᠤᠯᠠᠮᠵᠢᠯᠠᠯᠲᠤ ᠲᠠᠮᠢᠷ ᠤᠨ ᠲᠦᠷᠦᠯ ᠵᠦᠢᠯ ᠠᠴᠠ ᠭᠠᠳᠠᠨ᠎ᠠ ᠪᠠᠰᠠ ᠠᠰᠬ᠎ᠠ ᠠᠪᠠᠷᠢᠬᠤ᠂᠂ ᠭᠤᠯᠭᠤᠭᠤᠷ ᠬᠠᠪᠲᠠᠰᠤ᠂ ᠳᠠᠪᠠᠯᠭᠠᠨ ᠥᠭᠰᠥᠬᠦ ᠵᠡᠷᠭᠡ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠣᠷᠣᠭᠤᠯᠵᠤ᠂ ᠵᠠᠯᠠᠭᠤᠴᠤᠳ ᠤᠨ ᠳᠤᠷ᠎ᠠ ᠪᠠᠬ᠎ᠠ ᠶᠢ ᠶᠡᠬᠡᠳᠡ ᠲᠠᠲᠠᠪᠠ᠃     ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠤᠯᠠᠮ ᠠᠴᠠ ᠤᠯᠠᠮ ᠣᠯᠠᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠬᠤ ᠪᠠᠷ ᠴᠢᠷᠮᠠᠶᠢᠵᠤ᠂ ᠨᠡᠶᠢᠭᠡᠮ ᠲᠣᠭᠤᠷᠢᠭ ᠲᠤ ᠦᠨᠳᠦᠰᠦᠯᠡᠭᠰᠡᠨ ᠰᠣᠶᠣᠯ ᠪᠡᠶ᠎ᠡ ᠶᠢᠨ ᠲᠠᠮᠢᠷ ᠬᠤᠳᠠᠯᠳᠤᠭ᠎ᠠ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠳᠠᠰᠢ ᠬᠤᠪᠢᠷᠠᠭᠤᠯᠵᠤ ᠪᠠᠶᠢᠨ᠎ᠠ᠃
 
ᠢᠷᠡᠯᠲᠡ᠄ ᠠᠷᠠᠳ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号