ᠥᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠳᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2023/7/11
    7 ᠰᠠᠷ᠎ᠠ ᠶᠢᠨ 8 ᠤ ᠤᠷᠤᠢ ᠥᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠳᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤᠯᠠᠭᠠᠨᠴᠠᠪ ᠲᠤ ᠡᠬᠢᠯᠡᠪᠡ᠃     ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠸᠠᠩ ᠯᠢ ᠰᠢᠶᠠ ᠴᠤᠭᠯᠠᠭᠠᠨ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ  ᠹᠷᠤᠨᠲ ᠤᠨ ᠬᠡᠯᠲᠡᠰ ᠤᠨ ᠲᠠᠷᠤᠭ᠎ᠠ ᠬᠦᠤᠳᠠᠭᠤᠯᠠ᠂ ᠥᠪᠡᠷᠲᠡᠭᠡᠨ ᠵᠠᠰᠠᠬᠤ ᠤᠷᠤᠨ ᠤ ᠳᠡᠳ᠋  ᠲᠡᠷᠢᠭᠦᠯᠡᠭᠴᠢ ᠴᠢ᠊᠂ ᠪᠠᠲᠤ᠂ ᠥᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠣᠷᠣᠯᠴᠠᠪᠠ᠃     20 ᠴᠠᠭ 30 ᠮᠢᠨᠦ᠋ᠲ ᠲᠤ ᠡᠬᠢᠯᠡᠯᠳᠡ ᠶᠢᠨ ᠶᠣᠰᠣᠯᠠᠯ ᠡᠬᠢᠯᠡᠵᠦ᠂ 12 ᠠᠶᠢᠮᠠᠭ ᠬᠤᠳᠠ ᠶᠢᠨ ᠪᠡᠶ᠎ᠡ ᠶᠢᠨ ᠲᠠᠮᠢᠷ ᠤᠨ  ᠲᠦᠯᠦᠭᠡᠯᠡᠭᠴᠢᠳ ᠤᠨ ᠪᠦᠯᠬᠦᠮ ᠳᠠᠭᠤᠯᠠᠨ ᠪᠦᠵᠢᠭᠯᠡᠵᠦ ᠬᠤᠷᠠᠯ ᠤᠨ ᠲᠠᠯᠠᠪᠠᠢ ᠳᠤ ᠠᠯᠬᠤᠨ ᠣᠷᠣᠵᠤ  ᠢᠷᠡᠬᠦ ᠳᠤ ᠠᠯᠠᠭ᠎ᠠ ᠲᠠᠰᠢᠯᠳᠠ ᠶᠢᠨ ᠲᠠᠭᠤᠨ ᠪᠠ ᠤᠤᠬᠠᠢᠯᠠᠯ ᠬᠠᠰᠭᠢᠷᠤᠯ ᠲᠠᠯᠠᠪᠠᠢ ᠲᠦᠭᠦᠷᠡᠩ ᠴᠠᠯᠭᠢᠯᠠᠯ᠎ᠠ᠃ ᠳᠠᠷᠠᠭ᠎ᠠ ᠨᠢ ᠨᠢᠭᠡᠨ ᠲᠠᠯᠠᠪᠠᠢ ᠭᠤᠶᠢᠳᠠ ᠰᠠᠢᠬᠠᠨ ᠰᠣᠶᠣᠯ ᠪᠡᠶ᠎ᠡ ᠶᠢᠨ ᠲᠠᠮᠢᠷ ᠤᠨ ᠲᠤᠭᠯᠠᠯᠳᠠ ᠪᠠᠷ ᠴᠤᠭᠯᠠᠭᠠᠨ ᠤ ᠬᠦᠰᠢᠭᠡ ᠶᠢ ᠰᠡᠬᠦᠵᠦ᠂ ︽ᠮᠠᠭᠳᠠᠭᠠᠯ ᠲᠠᠭᠤᠤ ᠪᠠᠨ ᠲᠠᠬᠢᠨᠲᠠ ᠳᠠᠭᠤᠯᠠᠵᠤ ᠨᠠᠮ ᠳᠠᠭᠠᠨ ᠡᠷᠭᠦᠨᠠᠮ︾᠂ ︽ᠮᠢᠩᠭᠠᠨ ᠭᠠᠵᠠᠷ   ᠤᠨ  ᠲᠠᠯ᠎ᠠ  ᠨᠤᠲᠤᠭ  ᠦᠵᠡᠰᠭᠦᠯᠡᠩ ᠰᠠᠶᠢᠬᠠᠨ︾᠂ ︽ᠲᠠᠩᠰᠤᠭ  ᠰᠠᠶᠢᠬᠠᠨ  ᠦᠨᠳᠦᠰᠦᠳᠡᠨ   ᠤ  ᠵᠠᠩ  ᠵᠠᠩᠰᠢᠯ︾᠂ ︽ᠴᠠᠭ ᠦᠶ᠎ᠡ ᠳᠤ ᠣᠰᠣᠯᠳᠠᠯ ᠥᠬᠡᠶ ᠳᠠᠷᠪᠠᠭᠤᠯ ᠬᠡᠶᠢᠰᠭᠡᠨ ᠤᠷᠤᠭᠰᠢᠯᠠᠨᠠᠮ︾᠂         ︽ᠪᠦᠯᠬᠦᠮᠳᠡᠨ ᠲᠡᠮᠡᠴᠡᠵᠦ ᠢᠷᠡᠭᠡᠳᠦᠶ ᠵᠦᠭ  ᠤᠷᠤᠭᠰᠢᠯᠠᠨᠠᠮ︾ ᠭᠡᠬᠦ ᠲᠠᠪᠤᠨ ᠪᠦᠯᠦᠭ ᠢᠶᠠᠷ ᠲᠠᠮᠵᠢᠭᠤᠯᠤᠨ ᠰᠦᠷᠯᠢᠭ ᠰᠠᠶᠢᠬᠠᠨ᠂ ᠡᠶᠡᠪᠡᠷᠬᠦᠦ  ᠰᠠᠶᠢᠬᠠᠨ᠂ ᠰᠠᠶᠢᠨ ᠰᠠᠶᠢᠬᠠᠨ ᠥᠪᠥᠷ ᠮᠣᠩᠭᠤᠯ ᠢ ᠬᠠᠷᠠᠭᠤᠯᠵᠦ᠂ ᠪᠥᠬᠦ ᠤᠷᠤᠨ  ᠤ  ᠦᠨᠳᠦᠰᠦᠳᠡᠨ ᠨᠦᠭᠦᠳ ᠤᠨ ᠠᠷᠠᠳ ᠲᠦᠮᠡᠨ ᠤ ᠨᠢᠭᠡ ᠰᠡᠳᠭᠢᠯ ᠨᠢᠭᠡ ᠵᠤᠷᠢᠭ ᠢᠶᠠᠷ ᠰᠢᠷᠭᠠᠭᠤ ᠬᠠᠲᠠᠭᠤᠵᠢᠯᠲᠠᠶ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠦ ᠪᠠᠷ ᠴᠢᠷᠮᠠᠢᠨ ᠪᠢᠴᠢᠭᠯᠡᠬᠦ ᠠᠤᠭ᠎ᠠ ᠰᠠᠨᠠᠭ᠎ᠠ ᠡᠷᠡᠯᠬᠡᠭ ᠵᠤᠷᠢᠭ ᠢ ᠢᠯᠡᠳᠭᠡᠪᠡ᠃     ᠥᠪᠡᠷᠲᠡᠭᠡᠨ ᠵᠠᠰᠠᠬᠤ ᠤᠷᠤᠨ ᠤ ᠴᠥᠭᠡᠨ ᠲᠣᠭᠠᠲᠤ ᠦᠨᠳᠦᠰᠦᠳᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ  1985 ᠤᠨ ᠠᠴᠠ ᠣᠳᠣ ᠪᠣᠯᠲᠠᠯ᠎ᠠ ᠨᠢᠭᠡᠨᠲᠡ 9 ᠬᠤᠭᠤᠴᠠᠭ᠎ᠠ ᠠᠮᠵᠢᠯᠳᠠ ᠲᠠᠢ ᠡᠷᠬᠢᠯᠡᠪᠡ᠃ ᠲᠣᠰ ᠬᠤᠭᠤᠴᠠᠭᠠᠨ ᠤ ᠴᠤᠭᠯᠠᠭᠠᠨ ᠨᠢ ︽ᠦᠵᠡᠰᠭᠦᠯᠡᠩᠲᠤ ᠰᠠᠶᠢᠬᠠᠨ ᠦᠨᠢᠷ ᠪᠠᠶᠠᠯᠢᠭ ᠤᠯᠠᠭᠠᠨᠴᠠᠪ · ᠡᠶ᠎ᠡ ᠵᠤᠬᠢᠴᠠᠯᠲᠤ ᠦᠨᠳᠦᠰᠦᠳᠡᠨ ᠤ ᠦᠪᠡᠳᠡᠭᠰᠢ ᠴᠤᠭᠯᠠᠭᠠᠨ︾ ᠢᠶᠠᠷ ᠭᠤᠤᠯ  ᠰᠡᠳᠦᠪ ᠢᠶᠠᠨ ᠪᠣᠯᠭᠠᠵᠤ᠂ 6 ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃ ᠪᠥᠬᠡ ᠪᠠᠷᠢᠯᠳᠤᠬᠤ᠂ ᠮᠣᠷᠢ ᠤᠷᠤᠯᠳᠤᠬᠤ᠂ ᠲᠡᠮᠡᠭᠡ ᠤᠷᠤᠯᠳᠤᠬᠤ᠂ ᠰᠤᠷ ᠬᠠᠷᠪᠤᠯᠳᠠ᠂ ᠪᠢᠯᠠᠭᠤ ᠵᠡᠷᠭᠡ 15 ᠤᠷᠤᠯᠳᠤᠭᠠᠨ ᠤ ᠲᠥᠷᠥᠯ ᠵᠦᠢᠯ ᠪᠠ ᠮᠣᠩᠭᠤᠯ ᠬᠡᠷ ᠪᠠᠷᠢᠬᠤ᠂ ᠲᠡᠮᠡᠭᠡᠨ ᠪᠥᠮᠪᠦᠭᠡ᠂ ᠱᠠᠭ᠎ᠠ᠂ ᠪᠦᠬᠡ ᠵᠡᠷᠭᠡ 4 ᠲᠤᠭᠯᠠᠯᠳᠠ ᠶᠢᠨ ᠲᠦᠷᠦᠯ ᠵᠦᠢᠯ ᠢ ᠲᠤᠬᠢᠷᠠᠭᠤᠯᠵᠤ᠂ ᠪᠥᠬᠦ ᠤᠷᠤᠨ ᠤ 12 ᠠᠶᠢᠮᠠᠭ ᠬᠤᠳᠠ ᠶᠢᠨ 1700 ᠭᠠᠷᠤᠶ ᠲᠠᠮᠢᠷᠴᠢᠨ  ᠤᠷᠤᠯᠳᠤᠭᠠᠨ ᠳᠤ ᠣᠷᠣᠯᠴᠠᠪᠠ᠃ ᠡᠨᠡ  ᠬᠤᠭᠤᠴᠠᠭᠠᠨ ᠳᠤ ᠪᠠᠰᠠ ᠦᠨᠳᠦᠰᠦᠳᠡᠨ ᠤ ᠬᠠᠮᠳᠦ ᠶᠢᠨ ᠨᠠᠶᠢᠷ ᠪᠠ ᠵᠢᠭᠤᠯᠴᠢᠯᠠᠯ ᠤᠨ ᠨᠠᠭᠠᠳᠤᠮ ᠤᠨ ᠠᠵᠢᠯᠯᠠᠭ᠎ᠠ ᠥᠷᠨᠢᠭᠦᠯᠬᠦ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号