7 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠳᠠᠷᠤᠭ᠎ᠠ ᠳ᠋ᠦ᠋ ᠪᠥᠸᠧ ᠵᠢᠶᠦ᠋ᠨ ᠬᠥᠯᠥᠨ ᠪᠤᠶᠢᠷ ᠤᠨ ᠤᠷᠤᠯᠳᠤᠭᠠᠨ ᠤ ᠲᠣᠭᠤᠷᠢᠭ ᠤᠨ ᠵᠠᠯᠠᠨ ᠠᠶᠢᠯ ᠤᠨ ᠶᠢᠨ ᠯᠦᠩ | ᠱᠠᠨ ᠴᠠᠰᠤᠨ ᠳᠤ ᠭᠤᠯᠭᠤᠬᠤ ᠲᠠᠯᠠᠪᠠᠶ ᠳᠤ ᠬᠦᠷᠴᠦ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ | ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ᠃ | | ᠳ᠋ᠦ᠋ ᠪᠥᠸᠧ ᠵᠢᠶᠦ᠋ᠨ ᠠᠴᠠ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠤ ᠬᠤᠪᠢᠶᠠᠷᠢ ᠤᠷᠤᠯᠳᠤᠭᠠᠨ ᠤ ᠲᠠᠯᠠᠪᠤᠷ ᠪᠣᠯᠤᠭᠰᠠᠨ ᠤ ᠬᠤᠪᠢ ᠳᠤ᠂ ᠵᠠᠯᠠᠨ ᠠᠶᠢᠯ ᠤᠨ ᠶᠢᠨ ᠯᠦᠩ | ᠱᠠᠨ ᠴᠠᠰᠤᠨ ᠳᠤ ᠭᠤᠯᠭᠤᠬᠤ ᠲᠠᠯᠠᠪᠠᠶ ᠶᠢᠨ ᠡᠯ᠎ᠡ ᠵᠦᠢᠯ ᠤᠨ ᠪᠡᠯᠡᠳᠬᠡᠯ ᠠᠵᠢᠯ ᠶᠠᠭ ᠯᠠᠪᠳᠠᠭᠤᠨ ᠪᠥᠭᠡᠳ ᠡᠮᠬᠢ | ᠵᠢᠷᠤᠮ ᠲᠠᠢ ᠶᠠᠪᠤᠭᠳᠠᠵᠤ ᠪᠠᠶᠢᠨ᠎ᠠ᠃ ᠴᠠᠭ ᠪᠠᠴᠢᠮ᠂ ᠡᠭᠦᠷᠭᠡ ᠬᠦᠨᠳᠦ᠂ ᠡᠯ᠎ᠡ ᠵᠦᠢᠯ ᠤᠨ ᠪᠡᠯᠡᠳᠬᠡᠯ ᠠᠵᠢᠯ ᠨᠢ | ᠪᠡᠭᠡᠵᠢᠩ ᠤᠨ ᠡᠪᠦᠯ ᠤᠨ ᠤᠯᠢᠮᠫᠢᠺ ᠤᠨ ᠴᠤᠭᠯᠠᠭᠠᠨ ᠤ ᠤᠷᠤᠯᠳᠤᠭᠠᠨ ᠡᠷᠬᠢᠯᠡᠬᠦ ᠠᠷᠭ᠎ᠠ ᠬᠡᠯᠪᠡᠷᠢ᠂ ᠪᠠᠷᠢᠮᠵᠢᠶ᠎ᠠ | ᠪᠣᠯᠣᠨ ᠲᠣᠭᠲᠠᠴᠠ ᠲᠠᠢ ᠪᠦᠬᠦ ᠲᠠᠯ᠎ᠠ ᠪᠠᠷ ᠬᠠᠷᠭᠤᠭᠤᠯᠵᠤ᠂ ᠭᠤᠭᠴᠤᠭ᠎ᠠ ᠨᠢᠭᠡᠪᠦᠷᠢ ᠶᠢ ᠨᠠᠷᠢᠨ ᠨᠢᠮᠪᠠᠢ ᠪᠥᠭᠡᠳ | ᠪᠣᠳᠠᠲᠠᠢ ᠬᠢᠬᠦ ᠶᠢ ᠪᠠᠲᠤᠯᠠᠵᠤ᠂ ᠪᠦᠬᠦ ᠬᠦᠴᠦᠨ ᠢᠶᠠᠷ ᠢᠶᠠᠨ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ | ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠲᠡᠷᠢᠭᠦᠨ ᠳᠤ ᠲᠠᠯᠪᠢᠵᠤ᠂ ᠥᠪᠡᠷᠮᠢᠴᠡ | ᠣᠨᠴᠠᠯᠢᠭ ᠲᠠᠢ ᠡᠷᠬᠢᠯᠡᠵᠦ᠂ ᠲᠡᠭᠦᠰ ᠠᠮᠵᠢᠯᠲᠠ ᠲᠠᠢ ᠡᠷᠬᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠳ᠋ᠦ᠋ ᠪᠥᠸᠧ ᠵᠢᠶᠦ᠋ᠨ ᠠᠴᠠ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ | ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ | ᠭᠦᠢᠴᠡᠳ ᠲᠠᠨᠢᠵᠤ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠠᠷᠤᠭ᠎ᠠ ᠭᠤᠸ ᡁᠢ ᠳ᠋ᠠᠨ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠪᠦᠬᠦ ᠤᠯᠤᠰ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ | ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ᠣᠳᠣᠬᠠᠨ ᠤ ᠪᠡᠯᠡᠳᠬᠡᠯ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠳᠤᠲᠠᠭᠤᠳᠠᠯ ᠢ ᠪᠦᠬᠦ ᠲᠠᠯ᠎ᠠ ᠪᠠᠷ | ᠭᠦᠨᠵᠡᠭᠡᠢ ᠵᠠᠳᠠᠯᠵᠤ᠂ ᠬᠢᠵᠠᠭᠠᠷ ᠲᠠᠢ ᠬᠤᠭᠤᠴᠠᠭᠠᠨ ᠳᠣᠲᠣᠷ᠎ᠠ ᠡᠭᠦᠷᠭᠡ ᠪᠠᠨ ᠲᠣᠳᠣᠷᠬᠠᠶᠢᠯᠠᠵᠤ᠂ ᠬᠠᠮᠢᠶᠠᠷᠤᠯᠲᠠ ᠪᠠᠨ | ᠨᠠᠷᠢᠯᠢᠭᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠣᠷᠭᠠᠨᠢᠭ ᠢᠶᠠᠷ ᠵᠣᠯᠭᠠᠭᠤᠯᠬᠤ ᠬᠡᠷᠡᠭᠲᠡᠢ᠃ | ᠪᠡᠯᠡᠳᠬᠡᠯ ᠠᠵᠢᠯ ᠢ ᠨᠢᠭᠡᠳᠦᠯᠲᠡᠢ ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠴᠠᠭ ᠢ ᠲᠣᠩᠭᠤᠷᠤᠭᠤᠯᠤᠨ | ᠵᠢᠭᠰᠠᠭᠠᠵᠤ᠂ ᠡᠷᠲᠡ ᠠᠴᠠ ᠵᠣᠯᠭᠠᠭᠤᠯᠤᠨ ᠨᠡᠪᠲᠡᠷᠡᠯᠴᠡᠬᠦ ᠶᠢ ᠴᠢᠩᠭᠠᠳᠬᠠᠨ᠂ ᠵᠢᠷᠤᠮᠵᠢᠭᠰᠠᠨ ᠴᠤᠪᠤᠷᠠᠯ ᠤᠨ | ᠶᠣᠰᠣᠭᠠᠷ ᠪᠠᠭᠠᠵᠢ ᠬᠡᠷᠡᠭᠰᠡᠯ ᠪᠠ ᠤᠷᠤᠯᠳᠤᠭᠠᠨ ᠤ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ ᠪᠠ ᠲᠤᠷᠰᠢᠨ | ᠠᠵᠢᠯᠯᠠᠭᠤᠯᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠥᠪᠴᠢ ᠶᠢ | ᠴᠢᠩᠭᠠᠷᠠᠭᠤᠯᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠪᠡᠯᠡᠳᠬᠡᠯ ᠲᠥᠰᠥᠯ ᠢ ᠲᠣᠭᠲᠠᠭᠠᠵᠤ᠂ | ᠬᠤᠯᠪᠣᠭᠳᠠᠯ ᠪᠦᠬᠦᠢ ᠠᠵᠢᠯ ᠤᠨ ᠰᠣᠷᠢᠯᠲᠠ ᠶᠢ ᠤᠷᠢᠳᠴᠢᠯᠠᠨ ᠵᠣᠬᠢᠶᠠᠨ ᠪᠠᠶᠢᠭᠤᠯᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠲᠤᠯᠠᠭ᠎ᠠ᠂ ᠲᠦᠷᠭᠡᠨ ᠠᠪᠤᠷᠠᠬᠤ ᠪᠠ ᠬᠤᠯᠪᠣᠭᠳᠠᠯ ᠪᠦᠬᠦᠢ ᠬᠥᠭᠡᠷᠦᠭᠦᠯᠬᠦ ᠡᠮ ᠢ ᠡᠰᠡᠷᠭᠦᠴᠡᠬᠦ ᠵᠡᠷᠭᠡ | ᠠᠵᠢᠯ ᠤᠨ ᠶᠠᠪᠤᠴᠠ ᠶᠢ ᠲᠡᠭᠦᠯᠳᠡᠷᠵᠢᠭᠦᠯᠬᠦ ᠬᠡᠷᠡᠭᠲᠡᠢ᠃ ︽ᠳᠥᠭᠦᠮ ᠳᠥᠲᠡ᠂ ᠠᠮᠤᠷ ᠲᠦᠪᠰᠢᠨ᠂ ᠭᠤᠶᠢᠳᠠ | ᠰᠠᠶᠢᠬᠠᠨ︾ ᠤᠷᠤᠯᠳᠤᠭᠠᠨ ᠡᠷᠭᠢᠯᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠠᠵᠢᠯ ᠢ ᠨᠠᠷᠢᠨ | ᠬᠢᠨᠠᠮᠠᠭᠠᠢ ᠰᠠᠶᠢᠲᠤᠷ ᠠᠳᠬᠤᠵᠤ᠂ ᠪᠥᠬᠦ ᠤᠯᠤᠰ ᠤᠨ ᠠᠷᠠᠳ ᠲᠦᠮᠡᠨ ᠳᠤ ᠨᠢᠭᠡ ᠬᠤᠭᠤᠴᠠᠭᠠᠨ ᠤ ᠭᠤᠶᠢᠳᠠ | ᠰᠠᠶᠢᠬᠠᠨ ᠪᠡᠶ᠎ᠡ ᠶᠢᠨ ᠲᠠᠮᠢᠷ ᠤᠨ ᠰᠣᠶᠣᠯ ᠤᠨ ᠦᠪᠡᠳᠡᠭᠰᠢ ᠴᠤᠭᠯᠠᠭᠠᠨ ᠦᠵᠡᠬᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠵᠠᠩ ᠠᠢ ᠮᠢᠨ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ | ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠺᠣᠮᠢᠰ ᠤᠨ ᠠᠯᠪᠠᠨ ᠭᠡᠷ᠂ ᠬᠥᠯᠥᠨ ᠪᠤᠶᠢᠷ ᠬᠤᠲᠠ ᠶᠢᠨ | ᠬᠠᠮᠢᠶ᠎ᠠ ᠪᠦᠬᠦᠢ ᠬᠥᠮᠥᠰ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ |