ᠦᠩᠭᠡ ᠶᠢᠨ ᠴᠡᠴᠡᠭᠡᠰ ᠢᠯᠭᠠᠷᠠᠨ ᠲᠡᠯᠭᠡᠷᠡᠭᠰᠡᠨ ᠦᠡᠭᠰᠢᠭ ᠰᠠᠶᠢᠬᠠᠨ ᠵᠤᠨ ᠤ ᠳᠤᠯᠤᠭᠠᠨ ᠰᠠᠷ᠎ᠠ ᠳᠤ | ᠥᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠴᠦᠬᠡᠨ ᠲᠣᠭᠠᠲᠤ ᠦᠨᠳᠦᠰᠦᠳᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠦᠨᠢᠷ ᠪᠠᠶᠠᠯᠢᠭ ᠤᠯᠠᠭᠠᠨᠴᠠᠪ ᠲᠤ ᠤᠳᠬ᠎ᠠ ᠲᠡᠭᠦᠯᠳᠡᠷ | ᠶᠠᠪᠤᠭᠳᠠᠵᠤ᠂ ᠦᠷᠨᠢᠭᠦᠨ ᠬᠦᠭᠵᠢᠯᠲᠡ ᠶᠢ ᠬᠤᠷᠤᠶᠢᠯᠠᠨ᠂ ᠡᠭᠡ ᠤᠯᠤᠰ ᠤᠨ ᠤᠮᠠᠷᠠᠳᠤ ᠬᠢᠯᠢ ᠶᠢᠨ ᠦᠨᠳᠦᠰᠦᠳᠡᠨ | ᠤ ᠪᠦᠯᠬᠦᠮᠳᠡᠯ ᠲᠠᠪᠰᠢᠯᠳᠠ ᠴᠡᠴᠡᠭᠯᠡᠯ ᠬᠦᠭᠵᠢᠯ ᠢ ᠵᠢᠷᠤᠭᠯᠠᠯ᠎ᠠ᠃ | | ᠪᠦᠬᠦ ᠤᠷᠤᠨ ᠤ ᠴᠥᠭᠡᠨ ᠲᠣᠭᠠᠲᠤ ᠦᠨᠳᠦᠰᠦᠳᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ | 4 ᠵᠢᠯ ᠳᠤ ᠨᠢᠭᠡ ᠤᠳᠠᠭ᠎ᠠ ᠶᠠᠪᠤᠭᠳᠠᠭᠤᠯᠳᠠᠭ᠃ 1985 ᠣᠨ᠋ ᠳᠤ ᠦᠪᠡᠷᠳᠡᠭᠡᠨ ᠵᠠᠰᠠᠬᠤ ᠤᠷᠤᠨ ᠤ ᠠᠩᠬᠠᠳᠤᠭᠠᠷ | ᠬᠤᠭᠤᠴᠠᠭᠠᠨ ᠤ ᠴᠦᠭᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠢ | ᠡᠷᠬᠢᠯᠡᠭᠰᠡᠨ ᠠᠴᠠ ᠨᠠᠭᠠᠰᠢ ᠠᠷᠪᠠᠳᠤᠭᠠᠷ ᠬᠤᠭᠤᠴᠠᠭ᠎ᠠ ᠪᠠᠨ ᠠᠮᠵᠢᠯᠳᠠ ᠲᠠᠢ ᠡᠷᠬᠢᠯᠡᠭᠰᠡᠨ ᠨᠢ ᠡᠨᠡ ᠪᠢᠯᠡ᠃ ᠪᠦᠬᠦ | ᠤᠷᠤᠨ ᠤ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ᠂ ᠣᠯᠠᠨ ᠲᠦᠮᠡᠨᠴᠢ ᠴᠢᠨᠠᠷᠳᠠᠢ ᠤᠯᠠᠮᠵᠢᠯᠠᠯᠳᠤ ᠪᠡᠶ᠎ᠡ ᠶᠢᠨ ᠲᠠᠮᠢᠷ | ᠤᠨ ᠴᠤᠭᠯᠠᠭᠠᠨ ᠨᠢ ᠦᠨᠳᠦᠰᠦᠳᠡᠨ ᠤ ᠪᠦᠯᠬᠦᠮᠳᠡᠯ ᠢ ᠨᠢᠭᠲᠠᠷᠠᠭᠤᠯᠬᠤ᠂ ᠦᠨᠳᠦᠰᠤᠳᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠨᠡᠮᠡᠭᠳᠡᠬᠦᠯᠬᠦ ᠪᠠ ᠲᠤᠮᠳᠠᠳᠦ ᠶᠢᠨ ᠦᠨᠳᠦᠰᠤᠳᠡᠨ ᠤ ᠬᠠᠮᠳᠦ ᠶᠢᠨ ᠴᠤᠭᠴᠠ ᠶᠢᠨ | ᠤᠬᠠᠮᠰᠠᠷ ᠢ ᠪᠠᠲᠤ ᠴᠤᠭᠴᠠᠯᠠᠬᠤ ᠪᠦᠲᠦᠮᠵᠢᠲᠡᠶ ᠨᠢᠭᠡᠨ ᠲᠠᠪᠴᠠᠩ ᠪᠤᠯᠤᠨ᠎ᠠ᠃ | | | ︽ᠦᠵᠡᠰᠭᠦᠯᠡᠩᠳᠦ ᠰᠠᠶᠢᠬᠠᠨ ᠦᠨᠢᠷ ᠪᠠᠶᠠᠯᠢᠭ ᠤᠯᠠᠭᠠᠨᠴᠠᠪ ᠡᠶ᠎ᠡ ᠵᠣᠬᠢᠴᠠᠯᠳᠦ ᠦᠨᠳᠦᠰᠦᠳᠡᠨ ᠤ | ᠦᠪᠡᠳᠡᠭᠰᠢ ᠴᠤᠭᠯᠠᠭᠠᠨ︾ ᠢᠶᠠᠷ ᠭᠤᠤᠯ ᠰᠡᠳᠤᠪ ᠪᠤᠯᠭᠠᠭᠰᠠᠨ ᠲᠤᠰ ᠤᠳᠠᠭᠠᠨ ᠤ ᠴᠤᠭᠯᠠᠭᠠᠨ ᠳᠤ ᠮᠤᠩᠭᠤᠯ | ᠦᠨᠳᠦᠰᠦᠳᠡᠨ ᠤ ᠤᠯᠠᠮᠵᠢᠯᠠᠯᠳᠦ ᠪᠡᠶ᠎ᠡ ᠶᠢᠨ ᠲᠠᠮᠢᠷ ᠤᠨ ᠵᠤᠭ᠎ᠠ ᠴᠡᠩᠭᠡᠯ ᠤᠨ ᠲᠦᠷᠦᠯ ᠪᠤᠯᠬᠤ ᠡᠷ᠎ᠡ ᠶᠢᠨ ᠭᠤᠷᠪᠠᠨ | ᠨᠠᠭᠠᠳᠤᠮ — ᠪᠦᠭᠡ ᠪᠠᠷᠢᠯᠳᠤᠬᠤ᠂ ᠮᠤᠷᠢ ᠤᠷᠤᠯᠳᠤᠬᠤ᠂ ᠰᠤᠷ ᠬᠠᠷᠪᠤᠬᠤ ᠵᠡᠷᠭᠡ ᠤᠷᠤᠯᠳᠤᠭᠠᠨ ᠠᠴᠠ ᠭᠠᠳᠠᠨ᠎ᠠ᠂ | ᠲᠡᠮᠡᠭᠡ ᠤᠷᠤᠯᠳᠤᠬᠤ᠂ ᠪᠢᠯᠠᠭᠤ ᠰᠢᠳᠡᠬᠦ᠂ ᠬᠤᠯᠬᠤᠪᠴᠢ ᠨᠤᠮᠤ ᠬᠠᠷᠪᠤᠬᠤ᠂ ᠦᠨᠳᠦᠰᠦᠳᠡᠨ ᠤ ᠪᠡᠶ᠎ᠡ | ᠴᠢᠬᠢᠷᠠᠭᠵᠢᠭᠤᠯᠬᠤ ᠲᠠᠮᠢᠷ ᠤᠨ ᠤᠷᠤᠯᠳᠤᠭᠠᠨ ᠵᠡᠷᠭᠡ 15 ᠤᠷᠤᠯᠳᠤᠭᠠᠨ ᠤ ᠲᠥᠷᠥᠯ ᠵᠦᠢᠯ ᠪᠠ ᠮᠤᠩᠭᠤᠯ ᠭᠡᠷ | ᠪᠤᠰᠬᠠᠬᠤ᠂ ᠱᠠᠭ᠎ᠠ᠂ ᠪᠦᠬᠡ ᠵᠡᠷᠭᠡ 4 ᠦᠵᠡᠬᠦᠯᠭᠡ ᠶᠢᠨ ᠤᠷᠤᠯᠳᠤᠭᠠᠨ ᠤ ᠲᠥᠷᠥᠯ ᠵᠦᠢᠯ ᠢ ᠲᠤᠬᠢᠷᠠᠭᠤᠯᠵᠦ᠂ | ᠪᠦᠬᠦ ᠤᠷᠤᠨ ᠤ ᠲᠠᠮᠢᠷᠴᠢᠨ ᠵᠢᠴᠢ ᠲᠠᠰᠬᠠᠯᠵᠢᠭᠤᠯᠤᠭᠴᠢ᠂ ᠬᠢᠨᠠᠭᠴᠢ ᠨᠠᠶᠢᠳᠡ 2200 ᠭᠠᠷᠤᠶ ᠬᠥᠮᠦᠨ | ᠣᠷᠣᠯᠴᠠᠭᠰᠠᠨ ᠶᠤᠮ᠃ | | | ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠴᠦᠭᠡᠨ ᠲᠤᠭᠠᠲᠤ ᠦᠨᠳᠦᠰᠦᠳᠡᠨ ᠤ | ᠤᠯᠠᠮᠵᠢᠯᠠᠯᠲᠤ ᠪᠠᠶ᠎ᠠ ᠶᠢᠨ ᠲᠠᠮᠢᠷ ᠤᠨ ᠴᠤᠭᠯᠠᠭᠠᠨ ᠤ ᠬᠤᠪᠢᠶᠡᠷᠢ ᠲᠠᠯᠠᠪᠠᠢ ᠶᠢᠨ ᠤᠷᠤᠯᠳᠤᠭᠠᠨ 7 ᠰᠠᠷ᠎ᠠ ᠶᠢᠨ 6 | — 8 ᠤ ᠡᠳᠦᠷ ᠪᠤᠯᠳᠠᠯ᠎ᠠ ᠲᠦᠷᠪᠡᠳ ᠬᠤᠰᠢᠭᠤᠨ ᠳᠤ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ 4 | ᠲᠦᠮᠡ ᠭᠠᠷᠤᠶ ᠬᠥᠮᠦᠨ ᠤᠳᠠᠭ᠎ᠠ ᠲᠤᠬᠠᠶ ᠶᠢᠨ ᠲᠠᠯᠠᠪᠠᠢ ᠳᠤ ᠤᠷᠤᠯᠳᠤᠭᠠᠨ ᠢ ᠰᠣᠨᠢᠷᠬᠠᠭᠰᠠᠨ ᠪᠠᠢᠨ᠎ᠠ᠃ ᠬᠤᠪᠢᠶᠠᠷᠢ | ᠤᠷᠤᠯᠳᠤᠭᠠᠨ ᠤ ᠲᠠᠯᠠᠪᠠᠶ ᠳᠤ ᠲᠡᠮᠡᠭᠡᠨ ᠤᠷᠤᠯᠳᠤᠭᠠᠨ᠂ ᠬᠤᠷᠳᠤᠨ ᠮᠤᠷᠢᠨ ᠤ ᠤᠷᠤᠯᠳᠤᠭᠠᠨ᠂ ᠵᠢᠷᠤᠭ᠎ᠠ ᠮᠤᠷᠢᠨ | ᠤ ᠤᠷᠤᠯᠳᠤᠭᠠᠨ᠂ ᠡᠷ᠎ᠡ ᠶᠢᠨ ᠭᠤᠷᠪᠠᠨ ᠨᠠᠭᠠᠳᠤᠮ ᠤᠨ ᠤᠷᠤᠯᠳᠤᠭᠠᠨ ᠪᠠ ᠲᠡᠮᠡᠭᠡᠨ ᠪᠦᠮᠪᠦᠭᠡ ᠶᠢᠨ | ᠦᠵᠡᠭᠦᠯᠭᠡ ᠶᠢᠨ ᠲᠥᠷᠥᠯ ᠵᠦᠢᠯ ᠢ ᠲᠤᠬᠢᠷᠠᠭᠤᠯᠵᠤ᠂ ᠲᠡᠮᠡᠭᠡ ᠤᠷᠤᠯᠳᠤᠬᠤ᠂ ᠮᠣᠷᠢ ᠤᠷᠤᠯᠳᠤᠬᠤ᠂ ᠡᠷ᠎ᠡ ᠶᠢᠨ | ᠭᠤᠷᠪᠠᠨ ᠨᠠᠭᠠᠳᠤᠮ ᠵᠡᠷᠭᠡ ᠤᠷᠤᠯᠳᠤᠭᠠᠨ ᠤ ᠵᠦᠢᠯ ᠳᠤ ᠨᠢᠭᠡᠳᠦᠭᠡᠷ ᠳᠡᠰ ᠤᠨ ᠱᠠᠩᠨᠠᠯ ᠢ ᠨᠡᠶᠢᠳᠡ 14᠂ | ᠬᠤᠶᠠᠳᠤᠭᠠᠷ ᠳᠡᠰ ᠤᠨ ᠱᠠᠩᠨᠠᠯ ᠢ ᠨᠡᠶᠢᠳᠡ 40᠂ ᠭᠤᠷᠪᠠᠳᠤᠭᠠᠷ ᠳᠡᠰ ᠤᠨ ᠱᠠᠩᠨᠠᠯ ᠢ ᠨᠡᠶᠢᠳᠡ 53 | ᠰᠢᠯᠭᠠᠷᠠᠭᠤᠯᠵᠠᠢ᠃ ᠡᠭᠦᠨ ᠳᠤ᠂ ᠤᠯᠠᠭᠠᠨᠴᠠᠪ ᠬᠤᠲᠠ᠂ ᠲᠦᠩᠯᠢᠶᠣᠤ ᠬᠤᠲᠠ᠂ ᠪᠠᠶᠠᠨᠨᠠᠭᠤᠷ ᠬᠤᠳᠠ ᠶᠢᠨ | ᠲᠦᠯᠦᠭᠡᠯᠡᠭᠴᠢᠳ ᠤᠨ ᠠᠩᠭᠢ ᠶᠢᠨ ᠨᠢᠭᠡᠳᠦᠭᠡᠷ ᠲᠡᠰ ᠲᠤ ᠤᠷᠤᠭᠰᠠᠨ ᠲᠤᠭ᠎ᠠ ᠨᠢ ᠵᠡᠷᠭᠡ ᠪᠠᠷ ᠬᠠᠮᠤᠭ ᠤᠨ ᠤᠯᠠᠨ | ᠪᠠᠶᠢᠵᠦ᠂ ᠪᠠᠶᠠᠨᠨᠠᠭᠤᠷ ᠬᠤᠲᠠ ᠲᠡᠮᠡᠭᠡᠨ ᠪᠦᠮᠪᠦᠭᠡ ᠶᠢᠨ ᠲᠤᠭᠯᠠᠯᠳᠠ ᠶᠢᠨ ᠵᠦᠢᠯᠡᠰ ᠤᠨ ᠨᠢᠭᠡᠳᠦᠭᠡᠷ ᠳᠡᠰ ᠤᠨ | ᠱᠠᠩᠨᠠᠯ ᠢ ᠭᠥᠷᠳᠡᠪᠡ᠃ | | 7 ᠰᠠᠷ᠎ᠠ ᠶᠢᠨ 8 ᠤ ᠤᠷᠤᠢ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠭᠠᠨ ᠤ ᠴᠦᠭᠡᠨ | ᠲᠤᠭᠠᠲᠤ ᠦᠨᠳᠦᠰᠦᠳᠡᠨ ᠤ ᠤᠯᠠᠮᠵᠢᠯᠠᠯᠲᠤ ᠪᠠᠶ᠎ᠠ ᠶᠢᠨ ᠲᠠᠮᠢᠷ ᠤᠨ ᠴᠤᠭᠯᠠᠭᠠᠨ ᠤᠯᠠᠭᠠᠨᠴᠠᠪ ᠬᠤᠳᠠ ᠶᠢᠨ | ᠵᠢᠨᠢᠩ ᠳᠤ ᠵᠢᠩᠭᠢᠨᠢ ᠪᠠᠷ ᠡᠬᠢᠯᠡᠪᠡ᠃ ᠡᠬᠢᠯᠡᠯᠳᠡ ᠶᠢᠨ ᠶᠤᠰᠤᠯᠠᠯ ᠳᠤ᠂ ᠪᠥᠬᠦ ᠤᠯᠤᠰ ᠤᠨ ᠦᠨᠳᠦᠰᠦᠳᠡᠨ ᠤ | ᠪᠡᠶ᠎ᠡ ᠶᠢᠨ ᠲᠠᠮᠢᠷ ᠤᠨ ᠴᠤᠭᠯᠠᠭᠠᠨ ᠤ ᠵᠠᠭᠪᠤᠷ ᠶᠣᠰᠣᠭᠠᠷ ᠭᠤᠶᠢᠳᠠ ᠰᠠᠶᠢᠬᠠᠨ ᠪᠡᠶ᠎ᠡ ᠶᠢᠨ ᠲᠠᠮᠢᠷ ᠳᠠᠭᠤᠤ ᠪᠦᠵᠢᠭ | ᠤᠨ ᠲᠤᠭᠯᠠᠯᠳᠠ ᠲᠤᠬᠢᠷᠠᠭᠤᠯᠤᠭᠰᠠᠨ ᠨᠢ ᠮᠠᠨ ᠤ ᠤᠷᠤᠨ ᠤ ᠦᠨᠳᠦᠰᠦᠳᠡᠨ ᠨᠦᠭᠦᠳ ᠤᠨ ᠺᠠᠳ᠋ᠷ ᠣᠯᠠᠨ ᠲᠦᠮᠡᠨ ᠤ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠡᠶᠢᠳᠡᠪᠤᠷᠢᠵᠢᠭᠤᠯᠵᠦ᠂ | ᠦᠨᠳᠦᠰᠦᠳᠡᠨ ᠨᠦᠭᠦᠳ ᠤᠨ ᠤᠯᠤᠰ ᠢᠶᠠᠨ ᠬᠦᠴᠦᠷᠭᠡᠭᠵᠢᠭᠦᠯᠬᠦ ᠪᠥᠲᠥᠭᠡᠨ ᠪᠠᠶᠢᠭᠤᠯᠤᠯᠳᠠ ᠳᠤ ᠡᠷᠡᠮᠡᠬᠡᠶᠢᠯᠡᠨ | ᠣᠷᠣᠯᠴᠠᠬᠤ ᠰᠢᠨ᠎ᠡ ᠴᠠᠭ ᠦᠶ᠎ᠡ ᠶᠢᠨ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ | | ᠤᠷᠤᠯᠳᠤᠭᠠᠨ ᠨᠢ ᠪᠥᠬᠡ ᠪᠠᠷᠢᠯᠳᠤᠬᠤ᠂ ᠮᠣᠷᠢ ᠤᠷᠤᠯᠳᠤᠬᠤ᠂ ᠲᠡᠮᠡᠭᠡ ᠤᠷᠤᠯᠳᠤᠬᠤ᠂ ᠰᠤᠷ ᠬᠠᠷᠪᠤᠬᠤ᠂ | ᠪᠢᠯᠠᠭᠤ ᠰᠢᠳᠡᠬᠦ ᠵᠡᠷᠭᠡ 14 ᠤᠷᠤᠯᠳᠤᠭᠠᠨ ᠤ ᠲᠦᠷᠦᠯ ᠵᠦᠢᠯ ᠪᠠ ᠮᠤᠩᠭᠤᠯ ᠭᠡᠷ ᠪᠤᠰᠬᠠᠬᠤ᠂ ᠲᠡᠮᠡᠭᠡᠨ ᠪᠦᠮᠪᠦᠭᠡ᠂ | ᠱᠠᠭ᠎ᠠ᠂ ᠪᠦᠬᠡ ᠵᠡᠷᠭᠡ ᠦᠵᠡᠬᠦᠯᠭᠡ ᠶᠢᠨ ᠤᠷᠤᠯᠳᠤᠭᠠᠨ ᠢᠶᠠᠷ ᠪᠠᠶᠠᠯᠢᠭ ᠰᠠᠶᠢᠬᠠᠨ ᠶᠠᠪᠤᠭᠳᠠᠯ᠎ᠠ᠃ ᠡᠭᠦᠨ ᠳᠤ ᠱᠠᠭ᠎ᠠ | ᠶᠢᠨ ᠤᠷᠤᠯᠳᠤᠭᠠᠨ ᠨᠢ ᠠᠩᠬ᠎ᠠ ᠤᠳᠠᠭ᠎ᠠ ᠦᠪᠡᠷᠳᠡᠭᠡᠨ ᠵᠠᠰᠠᠬᠤ ᠤᠷᠤᠨ ᠤ ᠴᠦᠭᠡᠨ ᠲᠤᠭᠠᠲᠤ ᠦᠨᠳᠦᠰᠦᠳᠡᠨ ᠤ | ᠤᠯᠠᠮᠵᠢᠯᠠᠯᠲᠤ ᠪᠠᠶ᠎ᠠ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠬᠡᠯᠪᠡᠷᠢ ᠪᠠᠷ ᠤᠷᠤᠭᠰᠠᠨ ᠨᠢ ᠨᠢᠭᠡᠨ ᠬᠢᠯᠠᠰ | ᠴᠢᠭ ᠪᠤᠯᠵᠦ᠂ ᠬᠤᠷᠠᠭᠰᠠᠨ ᠤᠯᠠᠨ ᠤ ᠪᠠᠭ᠋ᠠᠷᠬᠠᠯ ᠢ ᠲᠠᠲᠠᠯ᠎ᠠ᠃ ᠤᠷᠤᠯᠳᠤᠭᠠᠨ ᠤ ᠪᠦᠬᠦ ᠶᠠᠪᠤᠴᠠ ᠳᠤ ᠲᠠᠮᠢᠷᠴᠢᠳ | ᠵᠢᠪᠬᠤᠭ᠎ᠠ ᠲᠡᠭᠦᠯᠳᠡᠷ᠂ ᠡᠷᠡᠯᠭᠡᠭᠯᠡᠨ ᠲᠡᠮᠡᠴᠡᠵᠦ᠂ ᠥᠨᠳᠥᠷ ᠲᠦᠪᠰᠢᠨ ᠢᠶᠠᠷ ᠤᠷᠤᠯᠳᠤᠨ᠂ ᠨᠥᠬᠦᠷᠯᠡᠯ ᠢᠶᠠᠨ | ᠵᠤᠵᠠᠭᠠᠳᠬᠠᠵᠦ᠂ ᠠᠨᠠᠷ ᠤᠨ ᠦᠷ᠎ᠡ ᠰᠢᠭ ᠨᠢᠠᠠᠳᠠᠷᠠᠨ ᠪᠦᠯᠬᠦᠮᠳᠡᠵᠦ᠂ ᠲᠠᠯ᠎ᠠ ᠨᠤᠳᠤᠭ ᠤᠨ ᠬᠦᠪᠡᠭᠦᠳ ᠦᠬᠢᠳ | ᠤᠨ ᠴᠤᠭ ᠵᠢᠪᠬᠤᠭ᠎ᠠ ᠶᠢ ᠢᠯᠡᠷᠡᠭᠦᠯᠦᠯ᠎ᠡ᠃ | | ᠤᠷᠤᠯᠳᠤᠭᠠᠨ ᠠᠴᠠ ᠭᠠᠳᠠᠨ᠎ᠠ ᠪᠠᠰᠠ ᠦᠨᠳᠦᠰᠦᠳᠡᠨ ᠤ ᠬᠠᠮᠳᠦ ᠶᠢᠨ ᠨᠠᠶᠢᠷ ᠤᠨ ᠦᠳᠡᠰᠢᠯᠡᠭᠡ ᠪᠠ | ᠲᠣᠭᠤᠷᠢᠨ ᠦᠵᠡᠵᠦ ᠪᠡᠶᠡᠴᠢᠯᠡᠨ ᠤᠶᠢᠯᠠᠭᠠᠬᠤ ᠠᠵᠢᠯᠯᠠᠭ᠎ᠠ ᠡᠷᠬᠢᠯᠡᠪᠡ᠃ 7 ᠰᠠᠷ᠎ᠠ ᠶᠢᠨ 11 ᠤ ᠡᠳᠦᠷ᠂ 12 | ᠠᠶᠢᠮᠠᠭ ᠬᠤᠳᠠ ᠶᠢᠨ ᠲᠦᠯᠦᠭᠡᠯᠡᠭᠴᠢᠳ ᠤᠨ ᠪᠦᠯᠬᠦᠮ ᠤᠨ ᠲᠠᠮᠢᠷᠴᠢᠨ᠂ ᠲᠠᠰᠬᠠᠯᠵᠢᠭᠤᠯᠤᠭᠴᠢ ᠪᠠ ᠡᠯ᠎ᠡ | ᠵᠠᠭᠤᠴᠢᠯᠠᠭᠤᠷ ᠤᠨ ᠰᠤᠷᠪᠤᠯᠵᠢᠯᠠᠭᠴᠢᠳ ᠴᠠᠬᠠᠷ ᠪᠠᠷᠠᠭᠤᠨ ᠭᠠᠷᠤᠨ ᠬᠤᠶᠢᠳᠦ ᠬᠤᠰᠢᠭᠤᠨ ᠤ ᠭᠠᠯᠲᠤ | ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠪᠠ ᠵᠢᠨᠢᠩ ᠤᠨ ᠣᠯᠠᠨ ᠤᠯᠤᠰ ᠤᠨ ᠠᠷᠠᠰᠤ ᠰᠢᠷᠢ ᠶᠢᠨ | ᠬᠤᠳᠠᠯᠳᠤᠭᠠᠨ ᠤ ᠲᠦᠪ ᠲᠤ ᠬᠦᠷᠴᠦ ᠲᠣᠭᠤᠷᠢᠨ ᠰᠤᠨᠢᠷᠬᠠᠪᠠ᠃ ᠤᠯᠠᠭᠠᠨᠴᠠᠪ ᠤᠨ ᠭᠤᠶᠢᠳᠠ ᠰᠠᠶᠢᠬᠠᠨ | ᠪᠠᠶᠢᠭᠠᠯᠢ ᠶᠢᠨ ᠦᠡᠭᠭᠡ ᠦᠵᠡᠮᠵᠢ᠂ ᠰᠡᠷᠢᠭᠦᠨ ᠲᠠᠭᠠᠯᠠᠮᠵᠢᠲᠠᠢ ᠠᠭᠤᠷ ᠠᠮᠢᠰᠬᠤᠯ ᠪᠠ ᠬᠦᠮᠦᠨ ᠰᠤᠶᠤᠯ | ᠤᠨᠴᠠᠯᠢᠬᠳᠤ ᠠᠵᠤ ᠦᠢᠯᠡᠰ ᠨᠢ ᠤᠯᠠᠨ ᠤ ᠬᠠᠷᠠᠭ᠎ᠠ ᠶᠢ ᠰᠡᠷᠭᠦᠭᠡᠵᠦ᠂ ᠰᠡᠳᠬᠢᠯ ᠢ ᠰᠤᠭᠳᠤᠭᠤᠷᠠᠭᠤᠯᠤᠨᠠ᠃ 11 | ᠤ ᠤᠷᠤᠢ ᠶᠢᠨ 8 ᠴᠠᠭ ᠲᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ | ᠦᠨᠳᠦᠰᠦᠳᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠦᠨᠳᠦᠰᠦᠳᠡᠨ ᠤ ᠬᠠᠮᠳᠦ ᠶᠢᠨ ᠨᠠᠶᠢᠷ | ᠤᠯᠠᠭᠠᠨᠴᠠᠪ ᠤᠨ ᠲᠦᠷᠭᠡᠨ ᠤ ᠲᠡᠮᠦᠷ ᠵᠠᠮ ᠤᠨ ᠦᠷᠳᠡᠭᠡᠨ ᠤ ᠡᠮᠦᠨ᠎ᠡ ᠲᠠᠯ᠎ᠠ ᠲᠠᠬᠢ ︽ᠤᠯᠠᠭᠠᠨᠴᠠᠪ ᠤᠨ ᠦᠳᠡᠰᠢ︾ | ᠵᠡᠭᠡᠯᠢ ᠲᠤᠭᠤᠷᠢᠭ ᠲᠤ ᠬᠦᠰᠢᠭᠡ ᠢᠷᠠᠪᠠ᠃ ᠦᠳᠡᠰᠢᠯᠡᠭᠡ ᠳᠤ᠂ ︽ᠪᠠᠶᠠᠰᠬᠤᠯᠠᠩᠳᠤ ᠬᠥᠯᠥᠨ ᠪᠤᠶᠢᠷ︾᠂ | ︽ᠪᠤᠭᠤᠳᠦ ᠬᠤᠳᠠ ᠶᠢᠨ ᠮᠠᠭᠲᠠᠭᠠᠯ ᠳᠠᠭᠤᠤ︾᠂ ︽ᠦᠵᠡᠰᠭᠦᠯᠡᠩᠲᠦ ᠰᠠᠶᠢᠬᠠᠨ ᠤᠯᠠᠭᠠᠨᠬᠠᠳᠠ︾᠂ ︽ᠦᠡᠭ | ᠦᠷᠭᠡᠨ ᠠᠯᠠᠱᠠ︾ ᠭᠡᠬᠦᠴᠢᠯᠡᠨ ᠪᠦᠬᠦ ᠤᠷᠤᠨ ᠤ 12 ᠠᠶᠢᠮᠠᠭ ᠬᠤᠳᠠ ᠶᠢᠨ ᠲᠦᠯᠦᠭᠡᠯᠡᠭᠴᠢᠳ ᠤᠨ ᠪᠦᠯᠬᠦᠮ | ᠡᠭᠡᠯᠵᠢᠯᠡᠨ ᠭᠤᠶᠢᠳᠠ ᠰᠠᠶᠢᠬᠠᠨ ᠲᠤᠭᠯᠠᠯᠳᠠ ᠭᠠᠷᠭᠠᠵᠤ᠂ ᠰᠤᠯᠢᠯᠴᠠᠭ᠎ᠠ ᠪᠠᠨ ᠴᠢᠩᠭᠠᠳᠬᠠᠵᠤ᠂ ᠬᠠᠮᠳᠤ ᠶᠢᠨ | ᠲᠠᠨᠢᠯᠳᠠ ᠪᠠᠨ ᠨᠢᠭᠳᠠᠷᠠᠭᠤᠯᠵᠤ᠂ ᠨᠦᠬᠦᠷᠯᠡᠯ ᠢᠶᠠᠨ ᠪᠠᠳᠤᠳᠬᠠᠪᠠ᠃ ᠤᠷᠠᠨ ᠰᠠᠶᠢᠬᠠᠨ ᠤ ᠦᠳᠡᠰᠢᠯᠡᠭᠡ ᠶᠢᠨ | ᠳᠠᠷᠠᠭ᠎ᠠ᠂ ᠬᠤᠸᠠᠷ ᠫᠤᠤᠵᠢᠩ ᠤᠨ ᠦᠵᠡᠭᠦᠯᠭᠡ ᠶᠢᠨ ᠭᠤᠶᠢᠳᠠ ᠰᠠᠶᠢᠬᠠᠨ ᠲᠤᠭᠯᠠᠯᠳᠠ ᠨᠢ ᠨᠠᠩ ᠴᠦ | ᠦᠨᠳᠦᠰᠦᠳᠡᠨ ᠤ ᠬᠠᠮᠳᠦ ᠶᠢᠨ ᠨᠠᠶᠢᠷ ᠲᠤ ᠭᠦᠭ ᠨᠠᠮᠠᠪᠠ᠃ ᠦᠨᠳᠦᠰᠦᠳᠡᠨ ᠤ ᠬᠠᠮᠳᠦ ᠶᠢᠨ ᠨᠠᠶᠢᠷ ᠪᠤᠯ ᠲᠤᠰ | ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠤᠯ ᠠᠭᠤᠯᠭ᠎ᠠ ᠶᠢᠨ ᠨᠢᠭᠡ ᠪᠠᠢᠵᠤ᠂ ᠪᠤᠰᠤᠳ ᠪᠡᠶ᠎ᠡ ᠶᠢᠨ | ᠲᠠᠮᠢᠷ ᠤᠨ ᠴᠤᠭᠯᠠᠭᠠᠨ ᠠᠴᠠ ᠢᠯᠭᠠᠭᠳᠠᠬᠤ ᠢᠯᠡᠷᠬᠡᠶ ᠣᠨᠴᠠᠯᠢᠭ ᠮᠥᠨ᠃ | | 7 ᠰᠠᠷ᠎ᠠ ᠶᠢᠨ 13 ᠤ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ | ᠤ ᠴᠥᠭᠡᠨ ᠲᠣᠭᠠᠲᠤ ᠦᠨᠳᠦᠰᠦᠳᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠡᠭᠦᠰᠭᠦ ᠶᠣᠰᠣᠯᠠᠯ | ᠶᠠᠪᠤᠭᠳᠠᠵᠤ᠂ ᠲᠤᠰ ᠬᠤᠭᠤᠴᠠᠭᠠᠨ ᠤ ᠦᠪᠡᠳᠡᠭᠰᠢ ᠴᠤᠭᠯᠠᠭᠠᠨ ᠦᠯᠵᠡᠶᠢᠳᠡᠢ ᠰᠠᠶᠢᠬᠠᠨ ᠦᠨᠳᠦᠷᠯᠡᠭᠰᠡᠨ ᠪᠢᠯᠡ᠃ | ᠲᠠᠷᠠᠭᠠᠴᠢ ᠶᠢᠨ ᠬᠤᠭᠤᠴᠠᠭᠠᠨ ᠤ ᠪᠦᠬᠦ ᠤᠷᠤᠨ ᠤ ᠴᠥᠭᠡᠨ ᠲᠣᠭᠠᠲᠤ ᠦᠨᠳᠦᠰᠦᠳᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠴᠤᠭᠯᠠᠭᠠᠨ ᠢᠶᠠᠨ ᠬᠦᠰᠡᠨ ᠬᠦᠯᠢᠶᠡᠶ᠎ᠡ︕ |