ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠴᠦᠭᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠠᠮᠵᠢᠯᠳᠠ ᠲᠠᠢ ᠲᠡᠭᠦᠰᠪᠡ
ᠨᠡᠶᠢᠲᠡᠯᠡᠭᠰᠡᠨ ᠴᠠᠭ᠄
2023/7/19
    7 ᠳ᠋ᠤᠭᠠᠷ ᠰᠠᠷ᠎ᠠ ᠶᠢᠨ 13 ᠤ ᠡᠳᠦᠷ᠂ ᠠᠷᠪᠠᠳᠤᠭᠠᠷ ᠬᠤᠭᠤᠴᠠᠭᠠᠨ ᠤ ᠪᠦᠬᠦ ᠤᠷᠤᠨ ᠤ ᠴᠦᠭᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠡᠯ᠎ᠡ ᠲᠦᠷᠦᠯ ᠤᠨ ᠤᠷᠤᠯᠳᠤᠭᠠᠨ ᠢᠶᠠᠨ ᠲᠠᠭᠤᠰᠬᠠᠵᠤ᠂ ᠠᠮᠵᠢᠯᠳᠠ ᠲᠠᠢ ᠲᠡᠭᠦᠰᠪᠡ᠃
    ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠴᠢ᠊ ᠪᠠᠳᠤ ᠲᠡᠬᠦᠰᠬᠦ ᠶᠤᠰᠤᠯᠠᠯ ᠳᠤ ᠤᠷᠤᠯᠴᠠᠵᠦ᠂ ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠲᠡᠭᠦᠰᠦᠭᠰᠡᠨ ᠢ ᠵᠠᠷᠯᠠᠭᠰᠠᠨ ᠤ ᠬᠠᠮᠳᠤ ᠴᠤᠭᠯᠠᠭᠠᠨ ᠤ ᠲᠤᠭ ᠢ ᠲᠤᠰᠢᠶᠠᠬᠤ ᠪᠠ ᠬᠦᠯᠢᠶᠡᠨ ᠠᠪᠬᠤ ᠶᠤᠰᠤᠯᠠᠯ ᠳᠤ ᠣᠷᠣᠯᠴᠠᠵᠠᠢ᠃
    ᠲᠡᠭᠦᠰᠬᠦ ᠶᠤᠰᠤᠯᠠᠯ ᠲᠡᠭᠡᠷ᠎ᠡ᠂ ᠤᠯᠠᠭᠠᠨᠬᠠᠳᠠ ᠬᠤᠳᠠ ᠪᠦᠬᠦ ᠤᠷᠤᠨ ᠤ ᠴᠦᠭᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ ᠢ ᠲᠤᠰᠴᠦ᠂ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠷᠤᠨ ᠤ ᠴᠦᠭᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠨᠢ 2025 ᠤᠨ ᠳᠤ ᠤᠯᠠᠭᠠᠨᠬᠠᠳᠠ ᠬᠤᠳᠠ ᠳᠤ  ᠶᠠᠪᠤᠭᠳᠠᠬᠤ ᠪᠠᠷ ᠪᠤᠯᠪᠠ᠃
    ᠴᠤᠭᠯᠠᠭᠠᠨ ᠤ ᠲᠤᠭ ᠢ ᠲᠤᠰᠢᠶᠠᠬᠤ ᠪᠠ ᠬᠦᠯᠢᠶᠡᠨ ᠠᠪᠬᠤ ᠶᠤᠰᠤᠯᠠᠯ ᠲᠠᠭᠤᠰᠤᠭᠰᠠᠨ ᠤ ᠲᠠᠷᠠᠭ᠎ᠠ᠂ ᠤᠯᠠᠨ ᠢᠶᠠᠷ ᠢᠶᠠᠨ ᠭᠤᠶᠢᠳᠠ ᠰᠠᠶᠢᠬᠠᠨ ᠤᠷᠠᠨ ᠰᠠᠶᠢᠬᠠᠨ ᠤ ᠲᠤᠭᠯᠠᠯᠳᠠ ᠶᠢ ᠰᠤᠨᠢᠷᠬᠠᠵᠦ᠂ ᠲᠡᠬᠦᠰᠬᠦ ᠶᠤᠰᠤᠯᠠᠯ ᠨᠢ ᠲᠠᠭᠤᠯᠠᠯᠳᠤ ᠪᠦᠵᠢᠭ 《 ᠭᠠᠷ ᠬᠤᠯᠪᠤᠨ ᠬᠠᠮᠲᠤ ᠪᠠᠷ ᠤᠷᠤᠭᠰᠢᠯᠠᠶ᠎ᠠ》 ᠭᠡᠳᠡᠭ ᠲᠤᠭᠯᠠᠯᠳᠠ ᠶᠢᠨ ᠲᠤᠮᠳᠠ ᠦᠨᠳᠦᠷᠯᠡᠵᠠᠢ᠃
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号