| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ | ᠲᠠᠮᠢᠷ ᠤᠨ ᠴᠤᠭᠯᠠᠭᠠᠨ ᠤ ᠣᠲᠣ ᠦᠶ᠎ᠡ ᠶᠢᠨ ᠲᠠᠪᠤᠨ ᠵᠦᠢᠯ ᠤᠨ ᠤᠷᠤᠯᠳᠤᠭᠠᠨ 6 ᠰᠠᠷ᠎ᠠ ᠶᠢᠨ 29 ᠤ ᠡᠳᠦᠷ ᠠᠴᠠ | 7 ᠰᠠᠷ᠎ᠠ ᠶᠢᠨ 2 ᠤᠨ ᠡᠳᠦᠷ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠷᠢᠨ | ᠮᠡᠷᠭᠡᠵᠢᠯ ᠤᠨ ᠪᠡᠶ᠎ᠡ ᠶᠢᠨ ᠲᠠᠮᠢᠷ ᠤᠨ ᠲᠥᠪ ᠵᠢᠴᠢ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠰᠤᠷᠭᠠᠭᠤᠯᠢ ᠳᠤ | ᠶᠠᠪᠤᠭᠳᠠᠪᠠ᠂ ᠣᠲᠣ ᠦᠶ᠎ᠡ ᠶᠢᠨ ᠲᠠᠪᠤᠨ ᠵᠦᠢᠯ ᠤᠨ ᠤᠷᠤᠯᠳᠤᠭᠠᠨ ᠪᠣᠯ ᠲᠣᠰ ᠬᠤᠭᠤᠴᠠᠭᠠᠨ ᠤ ᠪᠡᠶ᠎ᠡ ᠶᠢᠨ | ᠲᠠᠮᠢᠷ ᠤᠨ ᠴᠤᠭᠯᠠᠭᠠᠨ ᠤ ᠤᠨᠳᠤᠤ ᠭᠠᠵᠠᠷ ᠡᠷᠬᠢᠯᠡᠬᠦ ᠤᠷᠤᠯᠳᠤᠭᠠᠨ ᠤ ᠨᠢᠭᠡ ᠲᠦᠷᠦᠯ ᠪᠤᠯᠤᠨ᠎ᠡ᠃ | | ᠣᠳᠣ ᠦᠶ᠎ᠡ ᠶᠢᠨ ᠲᠠᠪᠤᠨ ᠵᠦᠢᠯ ᠪᠣᠯ ᠮᠣᠷᠢᠨ ᠮᠡᠷᠭᠡᠵᠢᠯ᠂ ᠰᠡᠯᠡᠮ᠎ᠡ ᠶᠢᠨ ᠲᠡᠮᠡᠴᠡᠭᠡᠨ ︵ᠬᠦᠨᠳᠦ | ᠰᠡᠯᠡᠮ᠎ᠡ ᠶᠢᠨ ᠤᠷᠤᠯᠳᠤᠭᠠᠨ︶᠂ ᠫᠤᠤᠳᠠᠯᠭ᠎ᠠ᠂ ᠤᠮᠪᠠᠯᠲᠠ ᠵᠢᠴᠢ ᠬᠤᠯᠢᠮᠠᠭ ᠪᠤᠤᠬᠢᠶ᠎ᠠ ᠤᠷᠤᠯᠳᠤᠭᠠᠨ ︵ᠯᠠᠶᠢᠰᠧᠷ | ᠭᠦᠶᠦᠯᠲᠡ ᠶᠢᠨ ᠤᠷᠤᠯᠳᠤᠭᠠᠨ︶ ᠵᠡᠷᠭᠡ 5 ᠲᠤᠰᠠᠭᠠᠷ ᠤᠷᠤᠯᠳᠤᠭᠠᠨ ᠤ ᠵᠦᠢᠯ ᠢᠶᠠᠷ ᠪᠦᠷᠢᠯᠳᠦᠭᠰᠡᠨ | ᠶᠡᠷᠦᠩᠬᠡᠶᠢᠯᠡᠭᠰᠡᠨ ᠴᠢᠨᠠᠷᠲᠠᠢ ᠤᠷᠤᠯᠳᠤᠭᠠᠨ ᠤ ᠵᠦᠢᠯ ᠪᠣᠯᠣᠨ᠎ᠠ᠃ ᠲᠤᠰ ᠤᠷᠤᠯᠳᠤᠭᠠᠨ ᠳᠤ ᠪᠠᠶᠠᠨᠨᠠᠭᠤᠷ ᠬᠤᠳᠠ᠂ | ᠣᠷᠳᠣᠰ ᠬᠤᠳᠠ᠂ ᠤᠯᠠᠭᠠᠨᠴᠠᠪ ᠬᠤᠳᠠ᠂ ᠬᠢᠩᠭᠠᠨ ᠠᠶᠢᠮᠠᠭ᠂ ᠤᠯᠠᠭᠠᠨᠬᠠᠳᠠ ᠬᠤᠳᠠ᠂ ᠠᠯᠠᠱᠠ ᠠᠶᠢᠮᠠᠭ᠂ ᠬᠥᠬᠡᠬᠤᠲᠠ | ᠵᠡᠷᠭᠡ 7 ᠲᠥᠯᠥᠭᠡᠯᠡᠭᠴᠢᠳ ᠤᠨ ᠠᠩᠭᠢ ᠶᠢᠨ 100 ᠭᠠᠷᠤᠢ ᠲᠠᠮᠢᠷᠴᠢᠳ ᠣᠷᠣᠯᠴᠠᠵᠠᠢ᠃ | | 4 ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠨᠡᠶᠢᠲᠡ 26 ᠠᠯᠲᠠᠨ ᠮᠧᠳᠠᠯ ᠰᠢᠯᠭᠠᠷᠠᠭᠤᠯᠵᠦ᠂ | ᠪᠠᠶᠠᠨᠨᠠᠭᠤᠷ ᠬᠤᠲᠠ 16 ᠠᠯᠲᠠᠨ ᠮᠧᠳᠠᠯ 5 ᠮᠥᠩᠭᠦᠨ ᠮᠧᠳᠠᠯ 2 ᠬᠦᠷᠡᠯ ᠮᠧᠳᠠᠯ ᠣᠯᠣᠭᠰᠠᠨ ᠬᠢᠷᠢ | ᠪᠦᠲᠦᠮᠵᠢ ᠪᠠᠷ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ | ᠴᠤᠭᠯᠠᠭᠠᠨ ᠤ ᠣᠲᠣ ᠦᠶ᠎ᠡ ᠶᠢᠨ ᠲᠠᠪᠤᠨ ᠵᠦᠢᠯ ᠤᠨ ᠤᠷᠤᠯᠳᠤᠭᠠᠨ ᠤ ᠨᠢᠭᠡᠳᠦᠭᠡᠷ ᠲᠤ ᠣᠷᠣᠪᠠ᠃ | |