| 7 ᠰᠠᠷ᠎ᠠ ᠶᠢᠨ 1 ᠤ ᠡᠳᠦᠷ ᠠᠴᠠ 4 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠦᠨᠳᠦ ᠡᠷᠭᠦᠯᠳᠡ ᠶᠢᠨ | ᠤᠷᠤᠯᠳᠤᠭᠠᠨ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠲᠤ ᠶᠠᠪᠤᠭᠳᠠᠵᠤ᠂ | ᠡᠯ᠎ᠡ ᠠᠶᠢᠮᠠᠭ ᠬᠤᠲᠠ ᠶᠢᠨ 8 ᠲᠥᠯᠥᠭᠡᠯᠡᠭᠴᠢᠳ ᠤᠨ ᠠᠩᠭᠢ ᠶᠢᠨ 170 ᠭᠠᠷᠤᠢ ᠲᠠᠮᠢᠷᠴᠢᠨ ᠲᠣᠰ ᠲᠣᠰ ᠬᠥᠬᠡ᠂ | ᠬᠥᠬᠡᠭᠴᠢᠨ᠂ ᠤᠯᠠᠭᠠᠨ ᠳᠤᠭᠤᠶᠢᠯᠠᠩ ᠤᠨ 33 ᠲᠠᠰ ᠲᠤ ᠦᠷᠢᠰᠦᠯᠳᠦᠪᠡ᠃ | 4 ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠨᠡᠶᠢᠲᠡ 33 ᠠᠯᠲᠠᠨ ᠮᠧᠳᠠᠯ ᠰᠢᠯᠭᠠᠷᠠᠭᠤᠯᠵᠦ᠂ | ᠤᠯᠠᠭᠠᠨᠬᠠᠳᠠ ᠶᠢᠨ ᠲᠥᠯᠥᠭᠡᠯᠡᠭᠴᠢᠳ ᠤᠨ ᠠᠩᠭᠢ᠂ ᠲᠦᠩᠯᠢᠶᠣᠣ ᠶᠢᠨ ᠲᠥᠯᠥᠭᠡᠯᠡᠭᠴᠢᠳ ᠤᠨ ᠠᠩᠭᠢ᠂ | ᠪᠤᠭᠤᠲᠤ ᠶᠢᠨ ᠲᠥᠯᠥᠭᠡᠯᠡᠭᠴᠢᠳ ᠤᠨ ᠠᠩᠭᠢ ᠲᠣᠰ ᠲᠣᠰ 8 ᠠᠯᠲᠠᠨ ᠮᠧᠳᠠᠯ᠂ 7 ᠠᠯᠲᠠᠨ ᠮᠧᠳᠠᠯ᠂ 5 ᠠᠯᠲᠠᠨ | ᠮᠧᠳᠠᠯ ᠢᠶᠠᠷ ᠡᠮᠦᠨ᠎ᠡ ᠭᠤᠷᠪᠠ ᠳᠤ ᠵᠢᠭᠰᠠᠭᠠᠭᠳᠠᠵᠠᠢ᠃ | ᠲᠤᠰ ᠤᠳᠠᠭ᠎ᠠ ᠶᠢᠨ ᠤᠷᠤᠯᠳᠤᠭᠠᠨ ᠳᠤ 7 ᠬᠥᠮᠥᠨ 8 ᠤᠳᠠᠭ᠎ᠠ ᠥᠪᠡᠷᠲᠡᠭᠡᠨ ᠵᠠᠰᠠᠬᠤ ᠣᠷᠣᠨ ᠤ | ᠪᠠᠭᠠᠴᠤᠳ ᠤᠨ ᠲᠡᠮᠳᠡᠭᠯᠡᠯ ᠢ ᠡᠭᠦᠳᠴᠦ᠂ 4 ᠬᠥᠮᠥᠨ 4 ᠤᠳᠠᠭ᠎ᠠ ᠥᠪᠡᠷᠲᠡᠭᠡᠨ ᠵᠠᠰᠠᠬᠤ ᠣᠷᠣᠨ ᠤ | ᠵᠠᠯᠠᠭᠤᠴᠤᠳ ᠤᠨ ᠲᠡᠮᠳᠡᠭᠯᠡᠯ ᠢ ᠡᠭᠦᠳᠴᠦ᠂ 1 ᠬᠥᠮᠥᠨ 1 ᠤᠳᠠᠭ᠎ᠠ ᠥᠪᠡᠷᠲᠡᠭᠡᠨ ᠵᠠᠰᠠᠬᠤ ᠣᠷᠣᠨ ᠤ ᠬᠠᠮᠤᠭ | ᠥᠨᠳᠥᠷ ᠲᠡᠮᠳᠡᠭᠯᠡᠯ ᠢ ᠡᠭᠦᠳᠴᠠᠢ᠃ | | |