ᠠᠷᠪᠠᠳᠤᠭᠠᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠳᠥᠷᠪᠡᠳ ᠬᠤᠰᠢᠭᠤᠨ ᠤ ᠬᠤᠪᠢᠶᠠᠷᠢ ᠲᠠᠯᠠᠪᠠᠢ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/7/6
    7 ᠰᠠᠷ᠎ᠠ ᠶᠢᠨ 5 ᠤ ᠡᠳᠦᠷ᠂ ᠠᠷᠪᠠᠳᠤᠭᠠᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠮᠣᠷᠢ ᠤᠷᠤᠯᠳᠤᠬᠤ᠂ ᠲᠡᠮᠡᠭᠡ ᠤᠷᠤᠯᠳᠤᠬᠤ᠂ ᠡᠷ᠎ᠡ ᠶᠢᠨ ᠭᠤᠷᠪᠠᠨ ᠨᠠᠭᠠᠳᠤᠮ᠂ ᠲᠡᠮᠡᠭᠡᠨ ᠪᠥᠮᠪᠦᠭᠡ ᠶᠢᠨ ᠤᠷᠤᠯᠳᠤᠭᠠᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠬᠤᠪᠢᠶᠠᠷᠢ ᠲᠠᠯᠠᠪᠠᠢ ᠳᠤ ᠡᠬᠢᠯᠡᠪᠡ᠃ ᠳᠥᠷᠪᠡᠳ ᠬᠤᠰᠢᠭᠤᠨ ᠤ ᠬᠤᠪᠢᠶᠠᠷᠢ ᠲᠠᠯᠠᠪᠠᠢ ᠳᠤ ᠲᠣᠰ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ 3 ᠤᠷᠤᠯᠳᠤᠭᠠᠨ ᠤ 14 ᠵᠦᠢᠯ᠂ 1 ᠲᠣᠭᠯᠠᠯᠲᠠ ᠶᠢᠨ ᠵᠦᠢᠯ ᠤᠨ ᠤᠷᠤᠯᠳᠤᠭᠠᠨ ᠶᠠᠪᠤᠭᠳᠠᠬᠤ ᠪᠤᠯᠤᠨ᠎ᠡ᠃     ᠮᠤᠷᠢᠨ ᠤᠷᠤᠯᠳᠤᠭᠠᠨ ᠳᠤ ᠬᠤᠷᠳᠤᠨ ᠮᠤᠷᠢᠨ ᠤ 1000 ᠮᠧᠲᠷ᠂ 1700 ᠮᠧᠲᠷ᠂ 3000 ᠮᠧᠲᠷ᠂ 5000 ᠮᠧᠲᠷ᠂ 7750 ᠮᠧᠲᠷ ᠤᠨ ᠤᠷᠤᠯᠳᠤᠭᠠᠨ᠂ ᠵᠢᠷᠤᠭ᠎ᠠ ᠮᠣᠷᠢ ᠤ 1000 ᠮᠧᠲᠷ᠂ 2600 ᠮᠧᠲᠷ ᠤᠨ ᠤᠷᠤᠯᠳᠤᠭᠠᠨ᠂ ᠦᠨᠳᠦᠰᠦᠲᠡᠨ ᠤ ᠤᠯᠠᠮᠵᠢᠯᠠᠯᠲᠤ ᠵᠢᠷᠤᠭ᠎ᠠ ᠮᠤᠷᠢᠨ ᠤ 3000 ᠮᠧᠲᠷ᠂ 5000 ᠮᠧᠲᠷ ᠤᠨ ᠤᠷᠤᠯᠳᠤᠭᠠᠨ ᠭᠡᠬᠦ 9 ᠪᠠᠭ᠎ᠠ ᠲᠦᠷᠦᠯ ᠤᠨ ᠤᠷᠤᠯᠳᠤᠭᠠᠨ ᠲᠤᠬᠢᠷᠠᠭᠤᠯᠪᠠ᠃ 9 ᠠᠶᠢᠮᠠᠭ ᠬᠤᠲᠠ ᠶᠢᠨ ᠲᠥᠯᠥᠭᠡᠯᠡᠭᠴᠢᠳ ᠤᠨ ᠪᠦᠯᠬᠦᠮ ᠣᠷᠣᠯᠴᠠᠵᠠᠢ᠃
    ᠲᠡᠮᠡᠭᠡᠨ ᠤᠷᠤᠯᠳᠤᠭᠠᠨ ᠳᠤ 1000 ᠮᠧᠲᠷ᠂ 3600 ᠮᠧᠲᠷ᠂ 5400 ᠮᠧᠲᠷ᠂ 10000 ᠮᠧᠲᠷ ᠭᠡᠬᠦ 4  ᠤᠷᠤᠯᠳᠤᠭᠠᠨ ᠤ ᠵᠦᠢᠯ ᠢ ᠲᠣᠬᠢᠷᠠᠭᠤᠯᠵᠤ᠂ 9 ᠠᠶᠢᠮᠠᠭ ᠬᠤᠲᠠ ᠶᠢᠨ ᠲᠥᠯᠥᠭᠡᠯᠡᠭᠴᠢᠳ ᠤᠨ ᠪᠦᠯᠬᠦᠮ ᠣᠷᠣᠯᠴᠠᠵᠠᠢ᠃
     ᠡᠷ᠎ᠡ` ᠶᠢᠨ ᠭᠤᠷᠪᠠᠨ ᠨᠠᠭᠠᠳᠤᠮ ᠳᠤ ᠶᠡᠷᠦᠩᠬᠡᠢ ᠬᠢᠷᠢ ᠪᠦᠲᠦᠮᠵᠢ ᠶᠢ ᠦᠨᠳᠦᠰᠦᠯᠡᠨ ᠤᠷᠤᠯᠳᠤᠭᠠᠨ ᠤ ᠬᠢᠷᠢ ᠪᠦᠲᠦᠮᠵᠢ ᠶᠢ ᠲᠣᠭᠲᠠᠭᠠᠵᠤ᠂ ᠨᠡᠶᠢᠲᠡ 8 ᠠᠶᠢᠮᠠᠭ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ 79 ᠳᠠᠭᠠᠭᠤᠯᠤᠭᠴᠢ᠂ ᠳᠠᠰᠬᠠᠯᠵᠢᠭᠤᠯᠤᠭᠴᠢ ᠲᠠᠮᠢᠷᠴᠢᠨ ᠤᠷᠤᠯᠴᠠᠪᠠ᠃
    ᠲᠡᠮᠡᠭᠡᠨ ᠪᠥᠮᠪᠦᠭᠡ ᠶᠢᠨ ᠲᠣᠭᠯᠠᠯᠲᠠ ᠶᠢᠨ ᠵᠦᠢᠯ ᠳᠤ 5 ᠠᠶᠢᠮᠠᠭ ᠬᠤᠲᠠ ᠶᠢᠨ ᠲᠥᠯᠥᠭᠡᠯᠡᠭᠴᠢᠳ ᠤᠨ ᠪᠦᠯᠬᠦᠮ  ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号