ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ︽ᠪᠠᠶᠠᠨᠮᠦ᠋ᠩᠬᠡ ᠬᠤᠨᠳᠠᠭᠠᠲᠤ︾ ᠣᠯᠠᠨ ᠤᠯᠤᠰ ᠤᠨ ᠮᠠᠶ᠋ᠢᠭ ᠤᠨ ᠪᠥᠬᠡ ᠶᠢᠨ ᠤᠷᠤᠯᠳᠤᠭᠠᠨ ᠦᠨᠳᠦᠷᠯᠡᠪᠡ
ᠨᠡᠶᠢᠲᠡᠯᠡᠭᠰᠡᠨ ᠴᠠᠭ᠄
2023/8/1
   7 ᠰᠠᠷ᠎ᠠ ᠶᠢᠨ 26 ᠠᠴᠠ 30 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ︽ᠪᠠᠶᠠᠨᠮᠦ᠋ᠩᠬᠡ ᠬᠤᠨᠳᠠᠭᠠᠲᠤ︾ ᠣᠯᠠᠨ ᠤᠯᠤᠰ ᠤᠨ ᠮᠠᠶ᠋ᠢᠭ ᠤᠨ ᠪᠥᠬᠡ ᠶᠢᠨ ᠤᠷᠤᠯᠳᠤᠭᠠᠨ ᠣᠷᠳᠣᠰ ᠬᠤᠲᠠ ᠶᠢᠨ ᠮᠣᠩᠭᠤᠯ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠲᠡᠭᠦᠰ ᠠᠮᠵᠢᠯᠲᠠ ᠲᠠᠢ ᠥᠨᠳᠥᠷᠯᠡᠪᠡ᠃ ᠲᠣᠰ ᠤᠳᠠᠭᠠᠨ ᠤ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠥᠪ ︵ᠬᠦᠨᠳᠦ  ᠦᠷᠢᠰᠦᠯᠳᠦᠭᠡᠨᠳᠦ ᠪᠡᠶ᠎ᠡ ᠶᠢᠨ ᠲᠠᠮᠢᠷ ᠤᠨ ᠲᠥᠪ︶᠂ ᠤᠷᠳᠤᠰ ᠬᠤᠳᠠ ᠶᠢᠨ ᠰᠤᠷᠭᠠᠨ ᠬᠦᠮᠦᠵᠢᠯ ᠪᠡᠶ᠎ᠡ ᠶᠢᠨ ᠲᠠᠮᠢᠷ  ᠤᠨ ᠲᠤᠪᠴᠢᠶ᠎ᠡ ᠬᠠᠮᠵᠢᠯᠴᠠᠨ ᠡᠷᠬᠢᠯᠡᠪᠡ᠃
    ᠤᠷᠤᠯᠳᠤᠭᠠᠨ ᠳᠤ ᠪᠥᠬᠦ ᠣᠷᠣᠨ ᠤ ᠡᠯ᠎ᠡ ᠠᠶᠢᠮᠠᠭ ᠬᠤᠲᠠ ᠶᠢᠨ 13 ᠲᠥᠯᠥᠭᠡᠯᠡᠭᠴᠢᠳ ᠤᠨ ᠠᠩᠭᠢ ᠶᠢᠨ 595 ᠲᠠᠮᠢᠷᠴᠢᠨ ᠤᠷᠤᠯᠴᠠᠭᠰᠠᠨ ᠪᠠᠶᠢᠨ᠎ᠡ᠃ ᠤᠷᠤᠯᠳᠤᠭᠠᠨ ᠳᠤ ᠡᠷᠡᠭᠲᠡᠢ ᠶᠢᠨ ᠴᠢᠯᠦᠭᠡᠲᠦ ᠪᠥᠬᠡ᠂ ᠡᠮᠡᠭᠲᠡᠢ ᠶᠢᠨ ᠴᠢᠯᠦᠭᠡᠲᠦ ᠪᠥᠬᠡ᠂ ᠡᠷᠲᠡᠨ ᠤ ᠮᠠᠶ᠋ᠢᠭ ᠤᠨ ᠪᠥᠬᠡ ᠭᠡᠬᠦ ᠭᠤᠷᠪᠠᠨ ᠲᠥᠷᠥᠯ ᠤᠨ 79 ᠲᠠᠰ ᠤᠨ ᠤᠷᠤᠯᠳᠤᠭᠠᠨ ᠲᠤᠬᠢᠷᠠᠭᠤᠯᠪᠠ᠃  ᠡᠭᠦᠨ ᠳᠤ ᠲᠦᠩᠯᠢᠶᠣᠣ ᠶᠢᠨ ᠲᠥᠯᠥᠭᠡᠯᠡᠭᠴᠢᠳ ᠤᠨ ᠠᠩᠭᠢ 17 ᠠᠯᠲᠠᠨ ᠮᠧᠳᠠᠯ ᠣᠯᠵᠤ᠂  ᠨᠢᠭᠡᠳᠦᠭᠡᠷ ᠲᠤ  ᠵᠢᠠᠠᠰᠠᠭᠠᠭᠳᠠᠪᠠ᠃ ᠣᠷᠳᠣᠰ ᠤᠨ ᠲᠥᠯᠥᠭᠡᠯᠡᠭᠴᠢᠳ ᠤᠨ ᠠᠩᠭᠢ ᠪᠠ ᠰᠢᠯᠢ ᠶᠢᠨ ᠭᠤᠣᠯ ᠤᠨ ᠲᠥᠯᠥᠭᠡᠯᠡᠭᠴᠢᠳ ᠤᠨ ᠠᠩᠭᠢ ᠲᠤᠰ ᠲᠤᠰ 15 ᠪᠠ 14 ᠠᠯᠳᠠᠨ ᠮᠧᠳᠠᠯ ᠤᠯᠵᠦ᠂ ᠬᠤᠶᠠᠷ ᠭᠤᠷᠪᠠᠳᠤᠭᠠᠷ ᠲᠤ ᠵᠢᠠᠠᠰᠠᠭᠠᠭᠳᠠᠪᠠ᠃
    ᠲᠤᠰ ᠤᠳᠠᠭᠠᠨ ᠤ ᠤᠷᠤᠯᠳᠤᠭᠠᠨ ᠪᠣᠯ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠪᠠᠷ ᠬᠠᠮᠤᠭ ᠥᠨᠳᠥᠷ᠂ ᠤᠷᠤᠯᠳᠤᠭᠠᠨ ᠤ ᠬᠢᠷᠢ ᠬᠡᠮᠵᠢᠶ᠎ᠡ ᠪᠠᠷ ᠬᠠᠮᠤᠭ ᠴᠢᠩᠭ᠎ᠠ ᠣᠯᠠᠨ ᠤᠯᠤᠰ ᠤᠨ ᠮᠠᠶ᠋ᠢᠭ ᠤᠨ ᠪᠥᠬᠡ ᠶᠢᠨ ᠤᠷᠤᠯᠳᠤᠭᠠᠨ ᠤ ᠵᠦᠢᠯ ᠪᠣᠯᠣᠨ᠎ᠠ᠂ ᠡᠯ᠎ᠡ ᠤᠷᠤᠯᠳᠤᠭᠠᠨ ᠳᠤ ᠤᠷᠤᠯᠴᠠᠭᠰᠠᠨ ᠠᠩᠭᠢ ᠶᠢᠨ ᠬᠢᠨ ᠡᠷᠡᠯᠬᠡᠭᠯᠡᠨ ᠲᠡᠮᠡᠴᠡᠵᠦ᠂ ᠰᠢᠯᠢᠳᠡᠭ ᠰᠠᠶᠢᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠰᠢᠯᠢᠳᠡᠭ ᠰᠠᠶᠢᠨ ᠥᠷᠢᠰᠦᠯᠳᠦᠭᠡᠨ ᠤ ᠪᠠᠶᠢᠳᠠᠯ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠰᠢᠷᠭᠠᠭᠤ ᠬᠠᠲᠠᠭᠤᠵᠢᠯᠲᠠᠢ ᠲᠡᠮᠡᠴᠡᠬᠦ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠤᠷᠤᠯᠳᠤᠭᠠᠨ ᠤ ᠬᠡᠪ ᠨᠠᠮᠪᠠ᠂ ᠤᠷᠤᠯᠳᠤᠭᠠᠨ ᠤ ᠬᠢᠷᠢ ᠲᠦᠪᠰᠢᠨ ᠢ ᠢᠯᠡᠷᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠨ ᠤᠯᠤᠰ ᠤᠨ ᠮᠠᠶ᠋ᠢᠭ ᠤᠨ ᠪᠦᠬᠡ ᠶᠢᠨ ᠰᠢᠯᠢᠳᠡᠭ ᠤᠯᠠᠮᠵᠢᠯᠠᠯ ᠪᠠ ᠷᠢᠳᠢ ᠰᠢᠳᠢ ᠶᠢ ᠭᠦᠢᠴᠡᠳ ᠢᠯᠡᠷᠡᠭᠦᠯᠬᠦ ᠶᠢᠨ ᠬᠠᠮᠲᠤ ᠰᠢᠨ᠎ᠡ ᠴᠠᠭ ᠦᠶ᠎ᠡ ᠶᠢᠨ ᠵᠠᠯᠠᠭᠤ ᠪᠠᠭᠠᠴᠤᠳ ᠲᠠᠮᠢᠷᠴᠢᠳ ᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠪᠠᠰᠠ ᠥᠪᠡᠷᠲᠡᠭᠡᠨ ᠵᠠᠰᠠᠬᠤ ᠣᠷᠣᠨ ᠤ ᠲᠠᠮᠢᠷ ᠤᠨ ᠠᠩᠭᠢ ᠶᠢᠨ  ᠰᠢᠯᠢᠳᠡᠭ ᠪᠡᠯᠡᠳᠬᠡᠯ ᠪᠦᠬᠡ ᠶᠢᠨ ᠴᠢᠳᠠᠪᠤᠷᠢᠲᠠᠨ ᠢ ᠰᠢᠯᠢᠨ ᠰᠣᠩᠭᠤᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号