ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/15
   8 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ        ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠬᠤᠷᠠᠯ ᠢ ᠡᠷᠬᠢᠯᠡᠵᠦ ᠶᠠᠷᠢᠶ᠎ᠡ ᠲᠠᠯᠪᠢᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠬᠤ᠋ ᠴᠧᠩ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃     ᠬᠤᠷᠠᠯ ᠠᠴᠠ᠂ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠭᠤᠣᠯ ᠰᠡᠳᠦᠪᠲᠦ ᠬᠥᠮᠦᠵᠢᠯ ᠢ ᠲᠦᠷᠦᠭᠦᠯᠡᠨ ᠭᠦᠨᠵᠡᠭᠡᠶᠢᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠡᠶᠢᠳᠠᠪᠦᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠡ᠂ ᠲᠤᠪᠴᠢᠶ᠎ᠡ ᠶᠢᠨ ᠪᠦᠬᠦ ᠱᠠᠳᠤᠨ ᠤ ᠬᠢᠨ ᠪᠦᠬᠦ ᠲᠠᠯ᠎ᠠ ᠪᠠᠷ ᠲᠤᠭᠤᠰᠢᠯᠠᠭᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠲᠣᠰ ᠤᠳᠠᠭᠠᠨ ᠤ ᠲᠤᠰᠬᠠᠢ ᠠᠵᠢᠯᠯᠠᠭ᠎ᠠ ᠪᠠᠷ ᠳᠠᠮᠵᠢᠭᠤᠯᠤᠨ᠂ ᠲᠣᠪᠴᠢᠶ᠎ᠠ ᠶᠢᠨ ᠰᠢᠰᠲ᠋ᠧᠮ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠶᠢ ᠤᠷᠮᠠᠰᠢᠭᠤᠯᠤᠨ ᠵᠣᠷᠢᠭᠵᠢᠭᠤᠯᠵᠤ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ ᠡᠷᠡᠰ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠬᠠᠮᠲᠤ ᠪᠠᠷ ᠲᠦᠯᠬᠢᠨ ᠠᠬᠢᠭᠤᠯᠬᠤ ᠶᠠᠪᠤᠴᠠ ᠳᠤ ᠪᠡᠶ᠎ᠡ ᠶᠢᠨ ᠲᠠᠮᠢᠷ ᠤᠨ ᠰᠢᠨ᠎ᠡ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠬᠠᠷᠠᠯᠲᠠ ᠪᠠᠨ ᠲᠣᠭᠲᠠᠭᠠᠵᠤ᠂ ᠡᠭᠦᠷᠭᠡ ᠪᠠᠨ ᠲᠣᠳᠣᠷᠬᠠᠶᠢᠯᠠᠵᠤ᠂ ᠲᠤᠰᠬᠠᠢ ᠠᠵᠢᠯᠯᠠᠭ᠎ᠠ ᠥᠷᠨᠢᠭᠦᠯᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ᠃ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠲᠤᠰᠬᠠᠢ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠡᠯ᠎ᠡ ᠰᠢᠭᠤᠳ ᠬᠠᠷᠢᠶ᠎ᠠ ᠨᠠᠮ ᠤᠨ ᠬᠤᠷᠢᠶ᠎ᠠ᠂ ᠨᠠᠮ ᠤᠨ ᠶᠡᠷᠦᠩᠬᠡᠢ ᠡᠭᠦᠷ᠂ ᠨᠠᠮ ᠤᠨ ᠡᠭᠦᠷ ᠵᠣᠬᠢᠴᠠᠩᠭᠤᠢ ᠠᠵᠢᠯ ᠤᠨ ᠪᠠᠶᠢᠭᠤᠯᠤᠮᠵᠢ ᠪᠠᠶᠢᠭᠤᠯᠵᠤ᠂ ᠲᠤᠰᠬᠠᠢ ᠠᠵᠢᠯᠯᠠᠭ᠎ᠠ ᠶᠢᠨ ᠲᠥᠯᠥᠪᠯᠡᠭᠡ ᠲᠣᠭᠲᠠᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ᠂ ᠪᠡᠶ᠎ᠡ ᠪᠠᠷ ᠢᠶᠠᠨ ᠣᠷᠣᠯᠴᠠᠵᠤ᠂ ᠨᠠᠷᠢᠨ ᠨᠢᠮᠪᠠᠢ ᠲᠥᠯᠥᠪᠵᠢᠭᠦᠯᠵᠦ᠂ ᠡᠮᠦᠨ᠎ᠡ ᠨᠢ ᠵᠢᠯᠤᠭᠤᠳᠴᠤ᠂ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠬᠤ ᠬᠡᠷᠡᠭᠳᠡᠢ᠃ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠢᠯ ᠤᠨ ᠬᠠᠷᠠᠯᠲᠠ᠂ ᠬᠡᠷᠡᠭᠵᠢᠭᠦᠯᠬᠦ ᠠᠷᠭ᠎ᠠ ᠵᠠᠮ ᠢᠶᠠᠨ ᠲᠣᠳᠣᠷᠬᠠᠶᠢᠯᠠᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠲᠣᠭᠲᠠᠴᠠ ᠪᠠ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠪᠠᠶᠢᠭᠤᠯᠤᠨ᠂ ᠡᠭᠦᠷᠭᠡ ᠶᠢᠨ ᠨᠠᠷᠢᠨ ᠬᠠᠭᠤᠳᠠᠰᠤ ᠶᠢ ᠵᠢᠭᠰᠠᠭᠠᠵᠤ᠂ ᠪᠣᠳᠠᠲᠠᠢ ᠲᠦᠷᠦᠭᠦᠯᠡᠨ ᠤᠳᠤᠷᠢᠳᠬᠤ᠂ ᠬᠠᠷᠢᠭᠤᠴᠠᠯᠭᠠᠲᠤ ᠰᠠᠯᠠᠭ᠎ᠠ ᠮᠥᠴᠢᠷ᠂ ᠪᠣᠳᠠᠲᠠᠢ ᠬᠠᠷᠢᠭᠤᠴᠠᠯᠭᠠᠲᠠᠨ᠂ ᠠᠬᠢᠭᠤᠯᠬᠤ ᠪᠠ ᠪᠡᠶᠡᠯᠡᠭᠦᠯᠬᠦ ᠴᠠᠭ ᠬᠤᠭᠤᠴᠠᠭ᠎ᠠ ᠶᠢᠨ ᠵᠠᠩᠭᠢᠯᠠᠭ᠎ᠠ ᠴᠡᠭ ᠵᠡᠷᠭᠡ ᠶᠢ ᠲᠣᠳᠣᠷᠬᠠᠶᠢᠯᠠᠵᠤ᠂ ᠵᠦᠢᠯ ᠳᠠᠷᠠᠭᠠᠯᠠᠨ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠡᠯ᠎ᠡ ᠵᠦᠢᠯ ᠤᠨ ᠲᠠᠪᠴᠠᠩ᠂ ᠠᠴᠢᠶᠠᠯᠠᠪᠤᠷᠢ ᠶᠢ ᠭᠦᠢᠴᠡᠳ ᠠᠰᠢᠭᠯᠠᠨ᠂ ᠲᠤᠰᠬᠠᠢ ᠠᠵᠢᠯᠯᠠᠭ᠎ᠠ ᠶᠢᠨ ᠬᠠᠷᠠᠯᠲᠠ᠂ ᠡᠭᠦᠷᠭᠡ ᠪᠠ ᠱᠠᠭᠠᠷᠳᠠᠯᠭ᠎ᠠ ᠶᠢ ᠤᠬᠠᠭᠤᠯᠵᠤ᠂ ᠰᠠᠶᠢᠨ ᠨᠡᠶᠢᠲᠡᠯᠢᠭ ᠵᠢᠱᠢᠶ᠎ᠡ᠂ ᠰᠠᠶᠢᠨ ᠠᠷᠭ᠎ᠠ ᠶᠢ ᠴᠠᠭ ᠲᠤᠬᠠᠢ ᠳᠤᠨᠢ ᠳ᠋ᠦᠩᠨᠡᠨ ᠤᠬᠠᠭᠤᠯᠵᠤ᠂ ᠪᠠᠶᠠᠯᠢᠭ ᠰᠠᠶᠢᠬᠠᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰᠬᠠᠢ ᠠᠵᠢᠯᠯᠠᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ᠂ ᠠᠮᠢᠳᠤ ᠰᠣᠷᠭᠤᠭ ᠦᠢᠯᠡᠳᠦᠯᠭᠡ᠂ ᠪᠣᠳᠠᠲᠠᠢ ᠦᠷ᠎ᠡ ᠪᠦᠲᠦᠮᠵᠢ ᠶᠢ ᠬᠥᠮᠥᠨ ᠪᠦᠬᠦᠨ ᠳᠤ ᠥᠷᠭᠡᠨ ᠢᠶᠠᠷ ᠮᠡᠳᠡᠭᠦᠯᠵᠦ᠂ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠬᠡᠯᠪᠡᠷᠢ ᠶᠢᠨ ᠦᠵᠡᠯ ᠢ ᠴᠢᠩᠭ᠎ᠠ ᠴᠡᠭᠡᠷᠯᠡᠬᠦ ᠬᠡᠷᠡᠭᠲᠡᠢ ᠭᠡᠪᠡ᠃     ᠲᠣᠪᠴᠢᠶ᠎ᠠ ᠶᠢᠨ ᠰᠢᠰᠲ᠋ᠧᠮ ᠤᠨ ᠳᠡᠳ᠋ ᠳᠠᠷᠤᠭ᠎ᠠ ᠭᠠᠵᠠᠷ ᠠᠴᠠ ᠳᠡᠭᠡᠭᠰᠢᠬᠢ ᠺᠠᠳ᠋ᠷ᠂ ᠪᠠᠶᠢᠭᠤᠯᠭ᠎ᠠ ᠶᠢᠨ ᠪᠦᠬᠦ ᠠᠵᠢᠯᠲᠠᠨ᠂ ᠡᠯ᠎ᠡ ᠰᠢᠭᠤᠳ ᠬᠠᠷᠢᠶ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯ ᠤᠨ ᠺᠠᠳ᠋ᠷ ᠵᠡᠷᠭᠡ 70 ᠭᠠᠷᠤᠢ ᠬᠥᠮᠥᠨ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号