ᠦᠰᠦᠭ ᠪᠢᠴᠢᠭ ᠤᠨ ᠲᠡᠶᠢᠯᠦᠮᠵᠢ᠄ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠭᠠᠷᠠᠭ ᠤᠨ ᠦᠢᠯᠡᠳᠦᠯ ᠢ ᠭᠦᠢᠴᠡᠳ ᠪᠠᠳᠠᠷᠠᠭᠤᠯᠵᠤ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠳᠠ ᠳᠤ ᠪᠠᠳᠦ ᠪᠠᠬᠢ ᠰᠠᠭᠤᠷᠢ ᠲᠠᠯᠪᠢᠶ᠎ᠡ
ᠨᠡᠶᠢᠲᠡᠯᠡᠭᠰᠡᠨ ᠴᠠᠭ᠄
2023/8/15
    ᠪᠡᠭᠡᠵᠢᠩ ᠤᠨ ᠣᠯᠢᠮᠫᠢᠺ ᠤᠨ ᠲᠠᠮᠢᠷ ᠤᠨ ᠴᠤᠭᠯᠠᠭᠠᠨ 2088 ᠤᠨ ᠤ 8 ᠰᠠᠷ᠎ᠠ ᠶᠢᠨ 8 ᠤ ᠡᠳᠦᠷ ᠡᠬᠢᠯᠡᠭᠰᠡᠨ ᠪᠦᠭᠡᠳ 2009 ᠣᠨ ᠠᠴᠠ 8 ᠰᠠᠷ᠎ᠠ ᠶᠢᠨ 8 ᠤ ᠡᠳᠦᠷ ᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠭᠡᠵᠦ ᠲᠤᠭᠳᠠᠭᠠᠨ᠂ ᠤᠳᠤ ᠪᠤᠯᠳᠠᠯ᠎ᠠ ᠦᠷᠭᠦᠯᠵᠢᠯᠡᠭᠰᠡᠭᠡᠷ ᠪᠠᠶᠢᠨ᠎ᠡ᠃ 8 ᠰᠠᠷ᠎ᠠ ᠶᠢᠨ 8 ᠤ ᠡᠳᠦᠷ ᠪᠣᠯᠬᠤ ᠪᠦᠷᠢ ᠤᠯᠠᠨ ᠢᠶᠠᠷ ᠢᠶᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠯᠪᠡᠷᠢ ᠪᠠᠷ ᠪᠡᠭᠡᠵᠢᠩ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠳᠤᠷᠠᠰᠬᠠᠵᠤ᠂ ᠨᠡᠩ ᠡᠷᠡᠭᠦᠯ ᠴᠢᠭᠢᠷᠠᠭ᠂ ᠰᠠᠶᠢᠨ ᠰᠠᠶᠢᠬᠠᠨ᠂ ᠵᠣᠯ ᠵᠢᠷᠭᠠᠯᠲᠤ ᠠᠮᠢᠳᠤᠷᠠᠯ ᠢ ᠬᠦᠭᠡᠭᠡᠴᠡᠯᠳᠦᠵᠦ᠂ 8 ᠰᠠᠷ᠎ᠠ ᠶᠢᠨ 8 ᠤ ᠡᠳᠦᠷ ᠨᠢ ᠨᠢᠭᠡᠨᠲᠡ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠬᠥᠮᠥᠰ ᠤᠨ ᠬᠠᠮᠲᠤ ᠶᠢᠨ ᠪᠠᠶᠠᠷ ᠤᠨ ᠡᠳᠦᠷ ᠪᠣᠯᠤᠭᠰᠠᠨ ᠪᠠᠶᠢᠨ᠎ᠠ᠃     ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠳᠤ ᠵᠢᠯ ᠪᠦᠷᠢ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ 8 ᠰᠠᠷ᠎ᠠ ᠶᠢᠨ 8 ᠤ ᠡᠳᠦᠷ ᠤᠨ ᠪᠠᠶᠢᠭ᠎ᠠ ᠭᠠᠷᠠᠭ ᠢ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠭᠠᠷᠠᠭ ᠭᠡᠵᠦ ᠲᠤᠭᠳᠠᠭᠠᠪᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠠᠴᠠ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠭᠠᠷᠠᠭ ᠬᠦᠷᠲᠡᠯ᠎ᠡ ᠪᠤᠯᠤᠭᠰᠠᠨ ᠨᠢ ᠴᠠᠭ ᠣᠷᠣᠨ ᠵᠠᠢ ᠶᠢᠨ ᠲᠠᠯ᠎ᠠ ᠪᠠᠷ ᠬᠢ ᠰᠤᠩᠭᠠᠯᠲᠠ ᠮᠥᠨ᠂ ᠳᠣᠲᠣᠭᠠᠳᠤ ᠠᠭᠤᠯᠬᠤᠨ ᠪᠠ ᠭᠠᠳᠠᠭᠠᠳᠦ ᠲᠡᠯᠡᠯᠳᠡ ᠶᠢᠨ ᠲᠠᠯ᠎ᠠ ᠪᠠᠷ ᠬᠢ ᠳᠡᠭᠡᠭᠰᠢᠯᠡᠯᠲᠡ ᠮᠥᠨ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠤᠨ ᠲᠤᠭᠤᠰᠢᠯᠠᠭᠤᠯᠵᠦ᠂     ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢᠨ ᠪᠣᠳᠠᠲᠠᠢ ᠠᠷᠭ᠎ᠠ ᠬᠡᠮᠵᠢᠶ᠎ᠡ ᠶᠢ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠢ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠭᠤᠣᠯ ᠴᠣᠭᠴᠠ ᠪᠣᠯᠭᠠᠵᠤ᠂ ᠠᠷᠠᠳ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠬᠤ᠂ ᠬᠥᠮᠥᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠪᠡᠶ᠎ᠡ ᠶᠢᠨ ᠲᠠᠮᠢᠷ ᠤᠨ ᠠᠵᠢᠯ ᠤᠨ ᠡᠭᠦᠰᠬᠡᠯ ᠪᠠ ᠲᠤᠰᠤᠯᠲᠠ ᠪᠣᠯᠭᠠᠵᠤ᠂ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ ᠪᠡᠶ᠎ᠡ ᠶᠢᠨ ᠲᠠᠮᠢᠷ ᠤᠨ ᠬᠦᠴᠦᠨ ᠢ ᠨᠡᠮᠡᠷᠢᠯᠡᠵᠦ ᠪᠤᠢ ᠤᠴᠢᠷ ᠪᠤᠯᠤᠨ᠎ᠡ᠃     ᠡᠳᠦᠷ ᠪᠦᠷᠢ ᠪᠡᠶ᠎ᠡ ᠪᠣᠯᠪᠠᠰᠤᠷᠠᠭᠤᠯᠬᠤ ᠡᠳᠦᠷ   ᠭᠠᠷᠠᠭ ᠪᠦᠷᠢ ᠪᠡᠶ᠎ᠡ ᠪᠣᠯᠪᠠᠰᠤᠷᠠᠭᠤᠯᠬᠤ ᠭᠠᠷᠠᠭ     ᠪᠡᠶ᠎ᠡ ᠶᠢᠨ ᠲᠠᠮᠢᠷ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠣᠯᠠᠨ ᠬᠡᠯᠪᠡᠷᠢ ᠶᠢᠨ ᠤᠬᠠᠭᠤᠯᠭ᠎ᠠ᠂ ᠲᠠᠩᠰᠤᠭ ᠰᠠᠶᠢᠬᠠᠨ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ᠂ ᠦᠢ ᠣᠯᠠᠨ ᠨᠡᠷᠡᠲᠦ ᠲᠠᠮᠢᠷᠴᠢᠨ ᠨᠡᠶᠢᠭᠡᠮ ᠲᠣᠭᠤᠷᠢᠭ ᠲᠤ ᠬᠦᠷᠴᠦ᠂ ᠣᠯᠠᠨ ᠲᠦᠮᠡᠨ ᠤ ᠪᠡᠶ᠎ᠡ ᠲᠠᠮᠢᠷ ᠤᠨ ᠵᠢᠭᠠᠨ ᠵᠢᠯᠣᠭᠤᠳᠤᠭᠴᠢ᠂ ᠬᠠᠪᠰᠤᠷᠤᠨ ᠪᠣᠯᠪᠠᠰᠤᠷᠠᠭᠴᠢ ᠪᠣᠯᠵᠤ᠂ ᠶᠡᠭᠡ ᠬᠡᠮᠵᠢᠶᠡᠨ ᠤ ᠪᠡᠶ᠎ᠡ ᠶᠢᠨ ᠲᠠᠮᠢᠷ ᠤᠨ ᠰᠣᠶᠣᠯ ᠤᠨ ᠪᠦᠲᠦᠭᠡᠭᠳᠡᠬᠦᠨ ᠨᠢ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠡᠶ᠎ᠡ ᠶᠢᠨ ᠲᠠᠮᠢᠷ ᠤᠨ ᠢᠳᠡᠪᠬᠢ ᠬᠦᠴᠦᠨ ᠢ ᠤᠯᠠᠮᠵᠢᠯᠠᠵᠤ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠬᠠᠭᠤᠳᠠᠰᠤ ᠶᠢ ᠲᠠᠷᠬᠠᠭᠠᠵᠤ᠂ ᠠᠷᠠᠳ ᠤᠯᠠᠨ ᠳᠤ ᠪᠣᠳᠠᠲᠤ ᠠᠰᠢᠭ ᠬᠦᠷᠲᠡᠭᠡᠵᠦ ᠡᠷᠡᠭᠦᠯ ᠮᠡᠨᠳᠤ ᠶᠢ ᠬᠦᠷᠲᠡᠭᠡᠪᠡ ᠁ ᠠᠩᠬᠠᠳᠠᠭᠴᠢ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠬᠥᠮᠥᠨ ᠪᠦᠬᠦᠨ ᠳᠤ     ︽ᠪᠡᠶ᠎ᠡ ᠶᠢᠨ ᠲᠠᠮᠢᠷ ᠤᠨ ᠦᠨᠡᠨᠴᠢ ᠰᠡᠳᠬᠢᠯ︾ ᠢ ᠮᠡᠳᠡᠷᠡᠭᠦᠯᠵᠦ᠂ ᠴᠥᠭᠡᠨ ᠪᠤᠰᠤ ᠭᠠᠵᠠᠷ ᠣᠷᠣᠨ ᠤ ᠬᠢᠨ ᠠᠯᠢ ᠡᠷᠲᠡ ᠠᠴᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ᠂ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠭᠠᠷᠠᠭ ᠢ ᠪᠡᠶ᠎ᠡ ᠴᠢᠭᠢᠷᠠᠭᠵᠢᠭᠤᠯᠬᠤ ᠰᠠᠷ᠎ᠠ ᠪᠣᠯᠭᠠᠨ ᠥᠷᠭᠡᠳᠬᠡᠵᠡᠢ᠃ ᠵᠠᠷᠢᠮ ᠵᠠᠭᠤᠴᠢᠯᠠᠭᠤᠷ ᠤᠨ ᠬᠢᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ᠂ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠭᠠᠷᠠᠭ ᠤᠨ ᠵᠣᠷᠢᠯᠭ᠎ᠠ ᠪᠣᠯ ᠳᠠᠷᠤᠢ ᠥᠷᠭᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠵᠤ᠂ ᠰᠠᠶᠢᠨ ᠰᠠᠶᠢᠬᠠᠨ ᠪᠡᠶ᠎ᠡ ᠶᠢᠨ ᠲᠠᠮᠢᠷ ᠤᠨ ᠳᠠᠳᠬᠠᠯ ᠲᠠᠢ ᠪᠣᠯᠭᠠᠵᠤ᠂ ᠪᠡᠶ᠎ᠡ ᠶᠢᠨ ᠲᠠᠮᠢᠷ ᠤᠨ ᠠᠮᠢᠳᠤᠷᠠᠯ᠂ ᠠᠮᠢᠳᠤᠷᠠᠯ ᠤᠨ ᠪᠡᠶ᠎ᠡ ᠶᠢᠨ ᠲᠠᠮᠢᠷᠵᠢᠯᠲᠠ ᠶᠢ ᠲᠦᠯᠬᠢᠨ ᠠᠬᠢᠭᠤᠯᠵᠤ᠂ ︽ᠡᠳᠦᠷ ᠪᠦᠷᠢ ᠪᠡᠶ᠎ᠡ ᠴᠢᠭᠢᠷᠠᠭᠵᠢᠭᠤᠯᠬᠤ ᠡᠳᠦᠷ᠂ ᠭᠠᠷᠠᠭ ᠪᠦᠷᠢ ᠪᠡᠶ᠎ᠡ ᠴᠢᠭᠢᠷᠠᠭᠵᠢᠭᠤᠯᠬᠤ ᠭᠠᠷᠠᠭ︾ ᠪᠣᠯᠭᠠᠬᠤ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠶᠤᠮ ᠭᠡᠵᠦ ᠮᠡᠳᠡᠭᠡᠯᠡᠵᠦ ᠪᠠᠶᠢᠪᠠ᠃     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠡᠶ᠎ᠡ ᠶᠢᠨ ᠲᠠᠮᠢᠷ ᠤᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠪᠡᠶ᠎ᠡ ᠶᠢᠨ ᠲᠠᠮᠢᠷ ᠤᠨ ᠦᠢᠯᠡᠰ ᠰᠢᠨ᠎ᠡ ᠴᠠᠭ ᠦᠶ᠎ᠡ ᠶᠢᠨ ᠠᠭᠤᠤ ᠶᠡᠭᠡ ᠦᠢᠯᠡᠰ ᠲᠤ ᠠᠭᠤᠰᠤᠯᠴᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠳᠤ ᠬᠥᠳᠡᠯᠭᠡᠬᠦ ᠬᠦᠴᠦᠨ ᠨᠡᠮᠡᠷᠢᠯᠡᠵᠦ᠂ ᠬᠦᠴᠦᠨ ᠴᠢᠳᠠᠯ ᠢ ᠨᠢᠭᠲᠠᠷᠠᠭᠤᠯᠵᠠᠢ᠃ ᠮᠠᠨ ᠤ ᠤᠯᠤᠰ ᠤᠨ ᠣᠯᠠᠨ ᠲᠦᠮᠡᠨᠴᠢ ᠪᠡᠶ᠎ᠡ ᠶᠢᠨ ᠲᠠᠮᠢᠷ ᠥᠷᠨᠢᠨ ᠬᠥᠭᠵᠢᠵᠦ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠶᠢ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ ᠲᠡᠭᠡᠭᠰᠢᠯᠡᠬᠦᠯᠪᠡ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠪᠡᠭᠡᠵᠢᠩ ᠤᠨ ᠡᠪᠦᠯ ᠤᠨ ᠤᠯᠢᠮᠫᠢᠺ ᠤᠨ ᠴᠤᠭᠯᠠᠭᠠᠨ  ᠢ ᠠᠮᠵᠢᠯᠲᠠ ᠲᠠᠢ ᠡᠷᠬᠢᠯᠡᠪᠡ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠡᠪᠴᠢᠶ᠎ᠡ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠪᠡᠶ᠎ᠡ ᠶᠢᠨ ᠲᠠᠮᠢᠷ ᠤᠨ ᠰᠣᠶᠣᠯ ᠤᠨ ᠪᠠᠶᠢᠭᠤᠯᠤᠯᠲᠠ ᠶᠢᠨ ᠠᠭᠤᠯᠭ᠎ᠠ ᠲᠠᠰᠤᠷᠠᠯᠲᠠ ᠦᠭᠡᠢ ᠪᠠᠶᠠᠯᠢᠭᠵᠢᠵᠤ᠂ ᠲᠠᠮᠢᠷᠴᠢᠳ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯᠣᠨ ᠰᠢᠨ᠎ᠡ ᠴᠠᠭ ᠦᠶ᠎ᠡ ᠶᠢᠨ ᠡᠮᠡᠭᠲᠡᠢ ᠶᠢᠨ ᠠᠯᠠᠭᠠᠳᠠᠬᠤ ᠪᠥᠮᠪᠦᠭᠡ ᠶᠢᠨ ᠠᠩᠭᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠪᠡᠶ᠎ᠡ ᠶᠢᠨ ᠲᠠᠮᠢᠷ ᠨᠢ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠡᠳᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠠᠴᠠ ᠪᠣᠯᠤᠭᠰᠠᠨ ᠶᠤᠮ᠂ ᠶᠡᠷᠦᠩᠬᠡᠢ ᠱᠦᠵᠢ ᠰᠢ ᠶᠢᠨ ᠫᠢᠩ ᠵᠠᠯᠠᠭᠤᠷ ᠢ ᠡᠵᠡᠮᠳᠡᠨ ᠠᠶᠠᠯᠠᠯ ᠢ ᠳᠠᠭᠠᠭᠤᠯᠤᠭᠰᠠᠨ ᠠᠴᠠ ᠪᠣᠯᠤᠭᠰᠠᠨ ᠶᠤᠮ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠠᠴᠠ ᠪᠣᠯᠤᠭᠰᠠᠨ ᠶᠤᠮ᠂ ᠮᠥᠨᠴᠦ ᠪᠦᠬᠦ ᠤᠯᠤᠰ ᠤᠨ ᠪᠡᠶ᠎ᠡ ᠶᠢᠨ ᠲᠠᠮᠢᠷ ᠤᠨ ᠹᠷᠣᠨᠲ ᠤᠨ ᠬᠢᠨ ᠬᠠᠮᠲᠤᠪᠠᠷ ᠴᠢᠷᠮᠠᠶᠢᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃     ᠠᠩᠬᠠᠳᠠᠭᠴᠢ ᠤᠳᠠᠭᠠᠨ ᠤ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠭᠠᠷᠠᠭ ᠪᠣᠯ ᠣᠶᠢᠷ᠎ᠠ ᠶᠢᠨ ᠠᠷᠪᠠᠨ ᠵᠢᠯ ᠤᠨ ᠲᠤᠷᠰᠢᠬᠢ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠤᠨ ᠣᠯᠣᠭᠰᠠᠨ ᠠᠮᠵᠢᠯᠲᠠ ᠶᠢᠨ ᠬᠤᠷᠢᠶᠠᠩᠭᠤᠢ ᠳᠦᠷᠰᠦ ᠪᠤᠯᠤᠨ᠎ᠡ᠃ ᠠᠷᠠᠳ ᠤᠯᠠᠨ ᠤ ᠤᠯᠠᠨ ᠶᠠᠩᠵᠤᠴᠢᠯᠠᠭᠰᠠᠨ᠂ ᠴᠢᠨᠠᠷ ᠰᠠᠶᠢᠲᠠᠢ ᠤᠶᠤᠨ ᠤ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠶᠢᠨ ᠬᠠᠮᠲᠤ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠭᠠᠷᠠᠭ ᠤᠨ ᠭᠠᠷᠳᠠᠴᠠ ᠪᠠᠷ ᠲᠤᠷᠰᠢᠯᠭ᠎ᠠ ᠪᠠᠨ ᠳ᠋ᠦᠩᠨᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠶᠢ ᠪᠠᠲᠤᠳᠬᠠᠬᠤ ᠬᠡᠷᠡᠭᠲᠡᠢ᠃     ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠣᠯᠣᠨ ᠪᠡᠶ᠎ᠡ ᠶᠢᠨ ᠲᠠᠮᠢᠷ ᠤᠨ ᠠᠵᠢᠯ ᠢ ᠭᠦᠨᠵᠡᠭᠡᠢ ᠠᠭᠤᠰᠤᠯᠴᠠᠭᠤᠯᠬᠤ ᠠᠷᠭ᠎ᠠ ᠵᠠᠮ ᠢ ᠰᠦᠪᠡᠭᠴᠢᠯᠡᠨ᠎ᠡ     ᠪᠦᠬᠦ ᠤᠯᠤᠰ ᠤᠨ ᠪᠡᠶ᠎ᠡ ᠶᠢᠨ ᠲᠠᠮᠢᠷ ᠤᠨ ᠹᠷᠣᠨᠲ ᠤᠨ ᠬᠢᠨ ᠨᠠᠮ ᠪᠠ ᠤᠯᠤᠰ ᠣᠷᠣᠨ ᠤ ᠠᠵᠢᠯ ᠦᠢᠯᠡᠰ ᠤᠨ ᠬᠦᠭᠵᠢᠯᠳᠡ ᠶᠢᠨ ᠪᠦᠬᠦ ᠲᠠᠯ᠎ᠠ ᠶᠢᠨ ᠦᠨᠳᠦᠷ ᠬᠠᠷᠠᠭᠠᠰᠦ ᠠᠴᠠ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠤᠯᠠᠮ ᠴᠢᠨᠠᠭᠰᠢᠳᠠ ᠲᠠᠨᠢᠬᠤ ᠬᠡᠷᠡᠭᠲᠡᠢ᠃ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠪᠡᠶ᠎ᠡ ᠶᠢᠨ ᠲᠠᠮᠢᠷ ᠤᠨ ᠹᠷᠣᠨᠲ ᠤᠨ ᠬᠢᠨ ᠪᠠᠰᠠ ᠨᠠᠮ ᠤᠨ ᠪᠠᠶᠢᠭᠤᠯᠤᠯᠲᠠ ᠪᠣᠯᠣᠨ ᠪᠡᠶ᠎ᠡ ᠶᠢᠨ ᠲᠠᠮᠢᠷ ᠤᠨ ᠠᠵᠢᠯ ᠢ ᠭᠦᠨᠵᠡᠭᠡᠢ ᠠᠭᠤᠰᠤᠯᠴᠠᠭᠤᠯᠬᠤ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ ᠪᠠᠶᠢᠨ᠎ᠠ᠃     ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠶᠠᠪᠤᠴᠠ ᠲᠤᠮᠳᠠ ᠪᠠᠨ᠂ ᠤᠯᠤᠰ ᠤᠨ ᠠᠩᠭᠢ ᠶᠢᠨ ︽ᠦᠵᠡᠯ ᠰᠠᠨᠠᠭ᠎ᠠ ᠶᠢ ᠰᠤᠷᠤᠯᠴᠠᠬᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠬᠤ᠂ ᠰᠢᠨ᠎ᠡ ᠭᠠᠪᠢᠶ᠎ᠠ ᠪᠠᠶᠢᠭᠤᠯᠬᠤ︾ ᠠᠵᠢᠯᠯᠠᠭ᠎ᠠ ᠶᠢ ᠥᠷᠨᠢᠭᠦᠯᠵᠦ᠂ ᠤᠨᠤᠯ ᠤᠨ ᠰᠤᠷᠤᠯᠴᠠᠯᠭ᠎ᠠ᠂ ᠲᠤᠰᠬᠠᠢ ᠰᠡᠳᠦᠪᠲᠦ ᠨᠠᠮ ᠤᠨ ᠬᠢᠴᠢᠶᠡᠯ᠂ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠭᠤᠣᠯ ᠰᠡᠳᠦᠪᠲᠦ ᠶᠠᠷᠢᠶ᠎ᠠ ᠢᠯᠡᠳᠬᠡᠯ ᠬᠢᠬᠦ ᠵᠡᠷᠭᠡ ᠬᠡᠯᠪᠡᠷᠢ ᠪᠠᠷ ᠭᠤᠣᠯ ᠰᠡᠳᠦᠪᠲᠦ ᠬᠥᠮᠦᠵᠢᠯ ᠢ ᠤᠯᠤᠰ ᠤᠨ ᠠᠩᠭᠢ ᠶᠢᠨ ᠪᠡᠯᠡᠳᠬᠡᠯ ᠠᠵᠢᠯ ᠲᠠᠢ ᠨᠢᠭᠲᠠ ᠤᠶᠠᠯᠳᠤᠭᠤᠯᠵᠤ᠂ ᠤᠷᠤᠯᠳᠤᠭᠠᠨ ᠳᠤ ᠴᠢᠳᠠᠮᠠᠭᠠᠢ᠂ ᠣᠪᠣᠷ ᠰᠤᠷᠲᠠᠯ ᠰᠢᠯᠢᠳᠡᠭ ᠰᠠᠶᠢᠨ ᠤᠯᠤᠰ ᠤᠨ ᠠᠩᠭᠢ ᠶᠢ ᠪᠠᠶᠢᠭᠤᠯᠪᠠ᠃ ᠣᠳᠣᠬᠠᠨ ᠳᠤ ᠤᠯᠤᠰ ᠤᠨ ᠫᠢᠩᠫᠠᠩ ᠪᠥᠮᠪᠦᠭᠡ ᠶᠢᠨ ᠠᠩᠭᠢ ᠱᠠᠨᠳᠦ᠋ᠩ ᠤᠨ ᠸᠧᠢᠬᠠᠢ ᠶᠢᠨ ᠫᠢᠩᠫᠠᠩ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠲᠤ ᠪᠢᠲᠡᠭᠦᠮᠵᠢᠯᠡᠭᠰᠡᠨ ᠪᠣᠯᠪᠠᠰᠤᠷᠠᠯ ᠬᠢᠵᠦ᠂ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠠᠽᠢᠶ᠎ᠠ ᠲᠢᠪ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠪᠠ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠳᠤ ᠤᠷᠤᠯᠴᠠᠬᠤ ᠪᠠᠷ ᠪᠠᠶᠢᠨ᠎ᠠ᠃ ᠳᠤᠮᠳᠠᠳᠤ ᠤᠯᠤᠰ ᠤᠨ ᠫᠢᠩᠫᠠᠩ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠯᠢᠦ ᠭᠦᠸᠧ ᠯᠢᠶᠠᠩ ᠲᠥᠪᠯᠡᠷᠡᠭᠦᠯᠦᠨ ᠪᠣᠯᠪᠠᠰᠤᠷᠠᠭᠤᠯᠬᠤ ᠬᠤᠭᠤᠴᠠᠭᠠᠨ ᠳᠤ ᠪᠦᠬᠦ ᠳᠠᠰᠬᠠᠯᠵᠢᠭᠤᠯᠤᠭᠴᠢ ᠪᠣᠯᠣᠨ ᠲᠠᠮᠢᠷᠴᠢᠳ ᠲᠤ ᠤᠷᠤᠯᠳᠤᠭᠠᠨ ᠳᠤ ᠪᠡᠯᠡᠳᠬᠡᠬᠦ ᠶᠡᠷᠦᠩᠬᠡᠢ ᠳᠠᠶᠢᠴᠢᠯᠠᠯᠲᠠ ᠬᠢᠵᠦ᠂ ᠤᠯᠠᠨ ᠢ ᠡᠭᠦᠷᠭᠡ ᠬᠠᠷᠢᠭᠤᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠤᠬᠠᠮᠰᠠᠷ ᠠᠴᠠ ᠪᠠᠨ ᠴᠠᠭᠠᠷᠠᠭᠰᠠᠨ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠤᠷᠤᠯᠳᠤᠭᠠᠨ ᠳᠤ ᠤᠷᠤᠯᠴᠠᠬᠤ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠭᠤᠸᠠᠩᠳᠦ᠋ᠩ ᠤᠨ ᠴᠢᠩ ᠶᠤᠸᠠᠨ ᠳᠤ ᠲᠥᠪᠯᠡᠷᠡᠭᠦᠯᠦᠨ ᠪᠣᠯᠪᠠᠰᠤᠷᠠᠵᠤ ᠪᠠᠶᠢᠭ᠎ᠠ ᠳᠤᠮᠳᠠᠳᠤ ᠤᠯᠤᠰ ᠤᠨ ᠡᠮᠡᠭᠲᠡᠢ ᠶᠢᠨ ᠰᠠᠭᠰᠤᠨ ᠪᠥᠮᠪᠦᠭᠡ ᠶᠢᠨ ᠠᠩᠭᠢ ︽ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠬᠤ ᠲᠤᠬᠠᠢ︾  ᠳᠤ ᠭᠤᠣᠯ ᠰᠡᠳᠦᠪᠲᠦ ᠬᠥᠮᠦᠵᠢᠯ ᠥᠷᠨᠢᠭᠦᠯᠵᠡᠢ᠃ ᠳᠤᠮᠳᠠᠳᠤ ᠤᠯᠤᠰ ᠤᠨ ᠰᠠᠭᠰᠤᠨ ᠪᠥᠮᠪᠦᠭᠡ ᠶᠢᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠡᠮᠡᠭᠲᠡᠢ ᠶᠢᠨ ᠰᠠᠭᠰᠤᠨ ᠪᠥᠮᠪᠦᠭᠡ ᠶᠢᠨ ᠠᠩᠭᠢ ᠶᠢᠨ ᠳᠠᠭᠠᠭᠤᠯᠤᠭᠴᠢ ᠸᠠᠩ ᠹᠠᠩ ᠢᠯᠡᠷᠬᠡᠶᠢᠯᠡᠬᠦ ᠳᠡᠭᠡᠨ᠂ ᠪᠥᠬᠦ ᠠᠩᠭᠢ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠬᠤ ᠶᠢᠨ ᠬᠠᠮᠲᠤ ᠳᠤᠮᠳᠠᠳᠤ ᠤᠯᠤᠰ ᠤᠨ ᠡᠮᠡᠭᠲᠡᠢ ᠶᠢᠨ ᠰᠠᠭᠰᠤᠨ ᠪᠥᠮᠪᠦᠭᠡ ᠶᠢᠨ ᠠᠩᠭᠢ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠡᠯᠡᠳᠬᠡᠬᠦ ᠶᠡᠷᠦᠩᠬᠡᠢ ᠴᠢᠭᠯᠡᠯᠲᠡ ᠪᠣᠯᠭᠠᠨ᠎ᠠ ᠭᠡᠵᠡᠢ᠃     ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ ᠳᠠᠭᠠᠨ᠂ ᠬᠥᠭᠡᠷᠦᠭᠦᠯᠬᠦ ᠡᠮ ᠢ ᠡᠰᠡᠷᠭᠦᠴᠡᠬᠦ ᠲᠡᠮᠡᠴᠡᠯ ᠢ ᠡᠷᠡᠰ ᠲᠦᠯᠬᠢᠨ ᠠᠬᠢᠭᠤᠯᠵᠤ᠂ ᠶᠣᠰᠣ ᠮᠣᠷᠠᠯ ᠤᠨ ᠠᠯᠲᠠᠨ ᠮᠧᠳᠠᠯ᠂ ᠬᠡᠪ ᠨᠠᠮᠪᠠ ᠶᠢᠨ ᠠᠯᠲᠠᠨ ᠮᠧᠳᠠᠯ᠂ ᠠᠷᠢᠭᠤᠨ ᠴᠡᠪᠡᠷ ᠠᠯᠲᠠᠨ ᠮᠧᠳᠠᠯ ᠤᠨ ᠤᠬᠠᠮᠰᠠᠷ ᠢ ᠴᠢᠩᠭᠠᠳᠬᠠᠨ᠂ ᠬᠥᠭᠡᠷᠦᠭᠦᠯᠬᠦ ᠡᠮ ᠤᠨ ᠠᠰᠠᠭᠤᠳᠠᠯ ᠢ ︽ᠲᠠᠰᠦ ᠢᠯᠡᠷᠡᠬᠦ ᠦᠭᠡᠢ︾᠂ ︽ᠲᠡᠰᠦ ᠲᠡᠪᠴᠢᠬᠦ︾ ᠪᠤᠯᠭᠠᠬᠤ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠡᠢ᠃ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠪᠦᠬᠦ ᠤᠯᠤᠰ ᠤᠨ ᠪᠡᠶ᠎ᠡ ᠶᠢᠨ ᠲᠠᠮᠢᠷ ᠤᠨ ᠹᠷᠣᠨᠲ ᠤᠨ ᠬᠢᠨ ᠦᠵᠡᠯ ᠰᠠᠨᠠᠭ᠎ᠠ ᠶᠣᠰᠣ ᠰᠤᠷᠲᠠᠬᠤᠨ ᠪᠣᠯᠣᠨ ᠰᠤᠷᠲᠠᠯ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠤᠨ ᠡᠩᠨᠡᠭᠡᠨ ᠤ ᠬᠠᠷᠢᠭᠤᠴᠠᠯᠭᠠᠲᠤ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠦᠨᠡᠨᠬᠦ ᠴᠢᠩᠭᠠᠳᠬᠠᠵᠤ᠂ ᠰᠢᠯᠢᠳᠡᠭ ᠰᠠᠶᠢᠨ ᠰᠤᠷᠲᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠪᠠᠲᠤᠯᠠᠪᠠ᠃         ᠣᠶᠢᠷ᠎ᠠ ᠳᠤ᠂ ᠶᠡᠷᠦᠩᠬᠡᠢ ᠲᠣᠪᠴᠢᠶ᠎ᠠ ᠶᠢᠨ ᠬᠥᠭᠡᠷᠦᠯᠲᠡ ᠶᠢᠨ ᠡᠮ ᠢ ᠡᠰᠡᠷᠭᠦᠴᠡᠬᠦ ᠲᠥᠪ ᠤᠨ ᠬᠢᠨ ᠤᠯᠤᠰ ᠤᠨ ᠬᠦᠨᠳᠦ ᠬᠥᠩᠭᠡᠨ  ᠪᠡᠶ᠎ᠡ ᠶᠢᠨ ᠲᠠᠮᠢᠷ ᠤᠨ ᠠᠩᠭᠢ ᠳᠤ ᠣᠷᠣᠵᠤ ᠬᠢᠴᠢᠶᠡᠯ ᠣᠷᠣᠵᠤ᠂ ᠤᠯᠤᠰ ᠤᠨ ᠬᠦᠨᠳᠦ ᠬᠥᠩᠭᠡᠨ ᠲᠠᠮᠢᠷ ᠤᠨ ᠠᠩᠭᠢ ᠶᠢᠨ 200 ᠭᠠᠷᠤᠢ ᠬᠥᠮᠥᠨ ᠰᠦᠯᠵᠢᠶᠡᠨ ᠲᠡᠭᠡᠷ᠎ᠡ ᠪᠠ ᠠᠬᠤᠢ ᠲᠠᠯᠠᠪᠠᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠰᠤᠷᠤᠯᠴᠠᠯᠭ᠎ᠠ ᠳᠤ ᠣᠷᠣᠯᠴᠠᠵᠠᠢ᠃ ᠱᠠᠩᠬᠠᠢ  ᠬᠤᠲᠠ   ᠶᠢᠨ   ᠬᠢᠨ        ︽︿ᠱᠠᠩᠬᠠᠢ﹀ ᠶᠢᠨ ᠠᠷᠢᠭᠤᠨ ᠴᠡᠪᠡᠷ ᠪᠡᠶ᠎ᠡ ᠶᠢᠨ ᠲᠠᠮᠢᠷ ᠢ ᠰᠠᠬᠢᠨ ᠬᠠᠮᠠᠭᠠᠯᠠᠵᠤ᠂ ᠱᠧᠨᠴᠧᠩ ᠤᠨ ᠥᠩᠭᠡ ᠭᠡᠷᠡᠯ ᠢ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠭᠰᠠᠨ 2023 ᠣᠨ ᠤ ᠱᠠᠩᠬᠠᠢ ᠬᠤᠲᠠ ᠶᠢᠨ ᠬᠥᠭᠡᠷᠦᠯᠲᠡ ᠶᠢᠨ ᠡᠮ ᠢ ᠡᠰᠡᠷᠭᠦᠴᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠪᠡ᠃ ᠠᠨᠾᠦ᠋ᠢ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠲᠤᠰ ᠲᠤᠰ ᠪᠣᠷᠣ ᠱᠠᠭᠠᠵᠠᠭᠠᠢ ᠪᠠ ᠴᠠᠭᠠᠨ ᠰᠡᠯᠢᠭᠦᠷᠲᠦ ᠬᠠᠯᠢᠮᠤ  ᠪᠠᠷ ᠤᠤᠯ ᠬᠡᠯᠪᠡᠷᠢ ᠪᠣᠯᠭᠠᠵᠤ᠂ ᠠᠨᠾᠦ᠋ᠢ ᠶᠢᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠳᠠᠪᠠᠭᠤᠯᠢᠭ ᠲᠠᠢ ᠲᠦᠷᠦᠯ ᠵᠦᠢᠯ ᠢ ᠠᠭᠤᠰᠤᠯᠴᠠᠭᠤᠯᠵᠤ᠂     ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ᠂ ᠤᠷᠤᠯᠳᠤᠭᠠᠨ ᠤ ᠰᠤᠷᠲᠠᠯ ᠤᠷᠤᠯᠳᠤᠭᠠᠨ ᠤ ᠰᠠᠬᠢᠯᠭ᠎ᠠ ᠪᠠᠲᠤ ᠵᠢᠴᠢ ᠬᠥᠭᠡᠷᠦᠭᠦᠯᠬᠦ ᠡᠮ ᠢ ᠡᠰᠡᠷᠭᠦᠴᠡᠬᠦ ᠵᠡᠷᠭᠡ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠵᠡᠷᠭᠡ ᠡᠭᠦᠷᠭᠡ ᠶᠢ ᠡᠭᠦᠷᠭᠡᠯᠡᠵᠦ᠂ ᠥᠷᠭᠡᠨ ᠤᠯᠠᠨ ᠲᠦᠮᠡᠨ ᠤ ᠪᠡᠶ᠎ᠡ ᠶᠢᠨ ᠲᠠᠮᠢᠷ ᠤᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠯᠤᠭ᠎ᠠ ᠶᠢᠨ ᠵᠠᠢ ᠶᠢ ᠣᠶᠢᠷᠠᠲᠤᠭᠤᠯᠵᠠᠢ᠃     ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ ᠶᠠᠪᠤᠭᠳᠠᠨ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠠᠵᠢᠯ ᠡᠭᠦᠷᠢᠳᠡ ᠵᠣᠭᠰᠣᠰᠢ ᠦᠭᠡᠢ ᠶᠠᠪᠤᠭᠳᠠᠨ᠎ᠠ ᠭᠡᠵᠦ ᠵᠢᠭᠠᠵᠤ ᠭᠠᠷᠭᠠᠪᠠ᠃ ᠪᠡᠶ᠎ᠡ ᠶᠢᠨ ᠲᠠᠮᠢᠷ ᠤᠨ ᠹᠷᠣᠨᠲ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠪᠡᠶ᠎ᠡ ᠶᠢᠨ ᠲᠠᠮᠢᠷ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠨ᠎ᠠ᠃
 
ᠢᠷᠡᠯᠲᠡ᠄ ᠲᠤᠮᠳᠠᠳᠦ ᠤᠯᠤᠰ ᠤᠨ ᠪᠡᠶ᠎ᠡ ᠶᠢᠨ ᠲᠠᠮᠢᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号