ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠢᠷᠢ ᠪᠦᠳᠦᠮᠵᠢ ᠶᠢ ᠨᠡᠶᠢᠳᠡᠯᠡᠪᠡ
ᠨᠡᠶᠢᠲᠡᠯᠡᠭᠰᠡᠨ ᠴᠠᠭ᠄
2023/8/16
   ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠠᠶᠢᠮᠠᠭ ᠬᠤᠲᠠ ᠶᠢᠨ ᠳᠤᠭᠤᠶᠢᠯᠠᠩ᠂ ᠣᠯᠠᠨ ᠲᠦᠮᠡᠨ ᠤ ᠳᠤᠭᠤᠶᠢᠯᠠᠩ ᠭᠠᠷᠭᠠᠵᠤ᠂ ᠨᠡᠶᠢᠲᠡ 44 ᠶᠡᠭᠡ ᠲᠥᠷᠥᠯ ᠵᠦᠢᠯ᠂ 1232 ᠪᠠᠭ᠎ᠠ ᠲᠥᠷᠥᠯ ᠵᠦᠢᠯ ᠢ ᠲᠣᠬᠢᠷᠠᠭᠤᠯᠪᠠ᠃ ᠡᠭᠦᠨ ᠳᠤ᠂ ᠠᠶᠢᠮᠠᠭ ᠬᠤᠲᠠ ᠶᠢᠨ ᠳᠤᠭᠤᠶᠢᠯᠠᠩ  ᠳᠤ ᠵᠣᠨ ᠤ ᠤᠯᠠᠷᠢᠯ ᠤᠨ ᠲᠠᠮᠢᠷ ᠤᠨ ᠲᠥᠷᠥᠯ ᠵᠦᠢᠯ ᠤᠨ 28 ᠶᠡᠭᠡ ᠲᠥᠷᠥᠯ ᠵᠦᠢᠯ᠂ 1031 ᠪᠠᠭ᠎ᠠ ᠲᠥᠷᠥᠯ ᠵᠦᠢᠯ᠂ ᠡᠪᠦᠯ ᠤᠨ ᠤᠯᠠᠷᠢᠯ ᠤᠨ ᠲᠠᠮᠢᠷ ᠤᠨ ᠲᠥᠷᠥᠯ ᠵᠦᠢᠯ ᠤᠨ 5 ᠶᠡᠭᠡ ᠲᠥᠷᠥᠯ ᠵᠦᠢᠯ᠂ 152 ᠪᠠᠭ᠎ᠠ ᠲᠥᠷᠥᠯ ᠵᠦᠢᠯ ᠢ ᠲᠤᠬᠢᠷᠠᠭᠤᠯᠪᠠ︔ ᠤᠯᠠᠨ ᠲᠦᠮᠡᠨ ᠤ ᠳᠤᠭᠤᠶᠢᠯᠠᠩ ᠳᠤ ᠵᠤᠨ ᠤ ᠤᠯᠠᠷᠢᠯ ᠤᠨ ᠲᠦᠷᠦᠯ ᠵᠦᠢᠯ 10 ᠶᠡᠭᠡ ᠲᠦᠷᠦᠯ ᠵᠦᠢᠯ᠂ 43 ᠪᠠᠭ᠎ᠠ ᠲᠦᠷᠦᠯ ᠵᠦᠢᠯ᠂ ᠡᠪᠦᠯ ᠤᠨ ᠤᠯᠠᠷᠢᠯ ᠤᠨ ᠲᠦᠷᠦᠯ ᠵᠦᠢᠯ 1 ᠶᠡᠭᠡ ᠲᠦᠷᠦᠯ ᠵᠦᠢᠯ᠂ 6 ᠪᠠᠭ᠎ᠠ ᠲᠦᠷᠦᠯ ᠵᠦᠢᠯ ᠢ ᠲᠣᠬᠢᠷᠠᠭᠤᠯᠪᠠ᠃    ᠠᠶᠢᠮᠠᠭ ᠬᠤᠲᠠ ᠶᠢᠨ ᠳᠤᠭᠤᠶᠢᠯᠠᠩ ᠳᠤ ᠨᠡᠶᠢᠲᠡ 3725 ᠱᠠᠩᠨᠠᠯ ᠤᠨ ᠮᠧᠳᠠᠯ ᠲᠤᠬᠢᠷᠠᠭᠤᠯᠵᠦ᠂ ᠡᠭᠦᠨ ᠳᠤ 1242 ᠠᠯᠲᠠᠨ ᠮᠧᠳᠠᠯ᠂ 1093 ᠮᠥᠩᠭᠦᠨ ᠮᠧᠳᠠᠯ᠂ 1390 ᠬᠦᠷᠡᠯ ᠮᠧᠳᠠᠯ ᠪᠣᠶ᠃ ᠲᠣᠰ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠳᠤ ᠨᠡᠶᠢᠲᠡ 115 ᠬᠥᠮᠥᠨ 176 ᠤᠳᠠᠭ᠎ᠠ ᠥᠪᠡᠷᠲᠡᠭᠡᠨ ᠵᠠᠰᠠᠬᠤ ᠣᠷᠣᠨ ᠤ 87 ᠵᠦᠢᠯ ᠤᠨ ᠲᠡᠮᠳᠡᠭᠯᠡᠯ ᠢ ᠡᠭᠦᠳᠴᠦ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠭᠦᠷᠦᠭᠰᠡᠳ ᠤᠨ 47 ᠵᠦᠢᠯ ᠤᠨ ᠲᠡᠮᠳᠡᠭᠯᠡᠯ ᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ 40 ᠵᠦᠢᠯ ᠤᠨ ᠲᠡᠮᠳᠡᠭᠯᠡᠯ ᠢ ᠡᠭᠦᠳᠪᠡ᠃     ᠠᠯᠲᠠᠨ ᠮᠧᠳᠠᠯ ᠤᠨ  ᠵᠢᠠᠠᠰᠠᠭᠠᠯᠳᠠ ᠳᠤ ᠣᠷᠳᠣᠰ ᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠬᠥᠯᠥᠨ ᠪᠤᠶᠢᠷ ᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠪᠤᠭᠤᠲᠤ ᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠲᠦᠩᠯᠢᠶᠣᠣ ᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠤᠯᠠᠭᠠᠨᠬᠠᠳᠠ ᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠪᠠᠶᠠᠨᠨᠠᠭᠤᠷ ᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠤᠯᠠᠭᠠᠨᠴᠠᠪ ᠬᠤᠲᠠ ᠶᠢᠨ ᠲᠥᠯᠥᠭᠡᠯᠡᠭᠴᠢᠳ ᠤᠨ ᠪᠦᠯᠬᠦᠮ ᠡᠮᠦᠨ᠎ᠡ ᠨᠠᠢᠮᠠ ᠳᠤ ᠵᠢᠠᠠᠰᠠᠭᠠᠭᠳᠠᠪᠠ᠃     ᠱᠠᠩᠨᠠᠯ ᠤᠨ ᠮᠧᠳᠠᠯ ᠤᠨ ᠵᠢᠠᠠᠰᠠᠭᠠᠯᠳᠠ ᠳᠤ ᠣᠷᠳᠣᠰ ᠬᠤᠳᠠ ᠶᠢᠨ ᠲᠥᠯᠥᠭᠡᠯᠡᠭᠴᠢᠳ ᠤᠨ ᠪᠦᠯᠬᠦᠮ᠂ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠬᠥᠯᠥᠨ ᠪᠤᠶᠢᠷ ᠬᠤᠳᠠ ᠶᠢᠨ ᠲᠥᠯᠥᠭᠡᠯᠡᠭᠴᠢᠳ ᠤᠨ ᠪᠦᠯᠬᠦᠮ᠂ ᠲᠦᠩᠯᠢᠶᠣᠣ ᠬᠤᠳᠠ ᠶᠢᠨ ᠲᠥᠯᠥᠭᠡᠯᠡᠭᠴᠢᠳ ᠤᠨ ᠪᠦᠯᠬᠦᠮ᠂ ᠪᠤᠭᠤᠲᠤ ᠬᠤᠳᠠ ᠶᠢᠨ ᠲᠥᠯᠥᠭᠡᠯᠡᠭᠴᠢᠳ ᠤᠨ ᠪᠦᠯᠬᠦᠮ᠂ ᠤᠯᠠᠭᠠᠨᠬᠠᠳᠠ ᠬᠤᠳᠠ ᠶᠢᠨ ᠲᠥᠯᠥᠭᠡᠯᠡᠭᠴᠢᠳ ᠤᠨ ᠪᠦᠯᠬᠦᠮ᠂ ᠪᠠᠶᠠᠨᠨᠠᠭᠤᠷ ᠬᠤᠳᠠ ᠶᠢᠨ ᠲᠥᠯᠥᠭᠡᠯᠡᠭᠴᠢᠳ ᠤᠨ ᠪᠦᠯᠬᠦᠮ᠂ ᠤᠯᠠᠭᠠᠨᠴᠠᠪ ᠬᠤᠳᠠ ᠶᠢᠨ ᠲᠥᠯᠥᠭᠡᠯᠡᠭᠴᠢᠳ ᠤᠨ ᠪᠦᠯᠬᠦᠮ ᠡᠮᠦᠨ᠎ᠡ ᠨᠠᠢᠮᠠ ᠳᠤ ᠵᠢᠠᠠᠰᠠᠭᠠᠭᠳᠠᠪᠠ᠃      ᠶᠡᠷᠦᠩᠬᠡᠢ ᠬᠤᠪᠢ ᠶᠢᠨ ᠨᠡᠷᠡᠰ ᠤᠨ ᠵᠢᠭᠰᠠᠭᠠᠯᠲᠠ ᠳᠤ ᠣᠷᠳᠣᠰ ᠬᠤᠳᠠ ᠶᠢᠨ ᠲᠥᠯᠥᠭᠡᠯᠡᠭᠴᠢᠳ ᠤᠨ ᠪᠦᠯᠬᠦᠮ᠂ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠬᠥᠯᠥᠨ ᠪᠤᠶᠢᠷ ᠬᠤᠳᠠ ᠶᠢᠨ ᠲᠥᠯᠥᠭᠡᠯᠡᠭᠴᠢᠳ ᠤᠨ ᠪᠦᠯᠬᠦᠮ᠂ ᠪᠤᠭᠤᠲᠤ ᠬᠤᠳᠠ ᠶᠢᠨ ᠲᠥᠯᠥᠭᠡᠯᠡᠭᠴᠢᠳ ᠤᠨ ᠪᠦᠯᠬᠦᠮ᠂ ᠲᠦᠩᠯᠢᠶᠣᠣ ᠬᠤᠳᠠ ᠶᠢᠨ ᠲᠥᠯᠥᠭᠡᠯᠡᠭᠴᠢᠳ ᠤᠨ ᠪᠦᠯᠬᠦᠮ᠂ ᠤᠯᠠᠭᠠᠨᠬᠠᠳᠠ ᠬᠤᠳᠠ ᠶᠢᠨ ᠲᠥᠯᠥᠭᠡᠯᠡᠭᠴᠢᠳ ᠤᠨ ᠪᠦᠯᠬᠦᠮ᠂ ᠪᠠᠶᠠᠨᠨᠠᠭᠤᠷ ᠬᠤᠳᠠ ᠶᠢᠨ ᠲᠥᠯᠥᠭᠡᠯᠡᠭᠴᠢᠳ ᠤᠨ ᠪᠦᠯᠬᠦᠮ᠂ ᠤᠯᠠᠭᠠᠨᠴᠠᠪ ᠬᠤᠳᠠ ᠶᠢᠨ ᠲᠥᠯᠥᠭᠡᠯᠡᠭᠴᠢᠳ ᠤᠨ ᠪᠦᠯᠬᠦᠮ ᠡᠮᠦᠨ᠎ᠡ ᠨᠠᠢᠮᠠ ᠳᠤ ᠵᠢᠠᠠᠰᠠᠭᠠᠭᠳᠠᠪᠠ᠃      ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠶ᠎ᠡ ᠶᠢᠨ ᠲᠠᠮᠢᠷ ᠤᠨ ᠶᠣᠰᠣ ᠮᠣᠷᠠᠯ ᠬᠡᠪ ᠰᠤᠷᠲᠠᠯ ᠤᠨ ᠱᠠᠩᠨᠠᠯ ᠭᠥᠷᠳᠡᠭᠰᠡᠨ ᠲᠥᠯᠥᠭᠡᠯᠡᠭᠴᠢᠳ ᠤᠨ ᠪᠦᠯᠬᠦᠮ ᠪᠣᠯ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠪᠤᠭᠤᠲᠤ ᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠬᠥᠯᠥᠨ ᠪᠤᠶᠢᠷ ᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ᠂ ᠲᠦᠩᠯᠢᠶᠣᠣ ᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠤᠯᠠᠭᠠᠨᠬᠠᠳᠠ ᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠰᠢᠯᠢ ᠶᠢᠨ ᠭᠤᠣᠯ ᠠᠶᠢᠮᠠᠭ ᠤᠨ ᠲᠥᠯᠥᠭᠡᠯᠡᠭᠴᠢᠳ ᠤᠨ ᠪᠦᠯᠬᠦᠮ᠂ ᠤᠯᠠᠭᠠᠨᠴᠠᠪ ᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠣᠷᠳᠣᠰ ᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠪᠠᠶᠠᠨᠨᠠᠭᠤᠷ ᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠦᠬᠠᠢ ᠬᠤᠲᠠ ᠶᠢᠨ ᠲᠥᠯᠥᠭᠡᠯᠡᠭᠴᠢᠳ ᠤᠨ ᠪᠦᠯᠬᠦᠮ᠂ ᠠᠯᠠᠱᠠ ᠠᠶᠢᠮᠠᠭ ᠤᠨ ᠲᠥᠯᠥᠭᠡᠯᠡᠭᠴᠢᠳ ᠤᠨ ᠪᠦᠯᠬᠦᠮ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠥᠯᠥᠭᠡᠯᠡᠭᠴᠢᠳ ᠤᠨ ᠪᠦᠯᠬᠦᠮ᠂ ᠪᠤᠬ᠎ᠠ ᠲᠡᠷᠭᠡ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠥᠯᠥᠭᠡᠯᠡᠭᠴᠢᠳ ᠤᠨ ᠪᠦᠯᠬᠦᠮ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠥᠯᠥᠭᠡᠯᠡᠭᠴᠢᠳ ᠤᠨ ᠪᠦᠯᠬᠦᠮ ᠪᠤᠯᠤᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号