︽ᠪᠠᠶᠠᠰᠬᠤᠯᠠᠩᠲᠤ ᠲᠠᠯ᠎ᠠ ᠨᠤᠲᠤᠭ ᠡᠷᠡᠭᠦᠯ ᠡᠩᠬᠡ ᠥᠪᠥᠷ ᠮᠣᠩᠭᠤᠯ︾ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠤ ᠲᠡᠪᠡᠭ ᠢᠰᠭᠦᠯᠬᠦ ᠤᠷᠤᠯᠳᠤᠭᠠᠨ ᠤᠷᠠᠳ ᠤᠨ ᠡᠮᠦᠨᠡᠲᠦ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/8/25
    8 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ︽ᠪᠠᠶᠠᠰᠬᠤᠯᠠᠩᠲᠤ ᠲᠠᠯ᠎ᠠ ᠨᠤᠲᠤᠭ ᠡᠷᠡᠭᠦᠯ ᠡᠩᠬᠡ ᠥᠪᠥᠷ ᠮᠣᠩᠭᠤᠯ︾ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠤ ᠲᠡᠪᠡᠭ  ᠢᠰᠭᠦᠯᠬᠦ ᠤᠷᠤᠯᠳᠤᠭᠠᠨ ᠤᠷᠠᠳ ᠤᠨ ᠡᠮᠦᠨᠡᠲᠦ ᠬᠤᠰᠢᠭᠤᠨ ᠤ ᠪᠡᠶ᠎ᠡ ᠶᠢᠨ ᠲᠠᠮᠢᠷ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠵᠤ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ 21 ᠠᠩᠭᠢ ᠶᠢᠨ 130 ᠭᠠᠷᠤᠢ ᠲᠠᠮᠢᠷᠴᠢᠳ ᠤᠷᠤᠯᠳᠤᠭᠠᠨ ᠳᠤ ᠣᠷᠣᠯᠴᠠᠪᠠ᠃     ᠤᠷᠤᠯᠳᠤᠭᠠᠨ ᠳᠤ ᠲᠤᠰᠬᠠᠢ ᠮᠡᠷᠭᠡᠵᠢᠯ ᠤᠨ ᠳᠤᠭᠤᠶᠢᠯᠠᠩ᠂ ᠠᠵᠢᠯ ᠤᠨ ᠴᠢᠯᠦᠭᠡᠨ ᠤ ᠳᠤᠭᠤᠶᠢᠯᠠᠩ ᠲᠣᠬᠢᠷᠠᠭᠤᠯᠵᠤ᠂ ᠲᠤᠮᠤ ᠴᠠᠭᠠᠨ ᠲᠡᠪᠡᠭ ᠬᠦᠷᠢᠶᠡᠯᠡᠨ ᠢᠰᠬᠦᠯᠬᠦ ᠪᠠ ᠲᠤᠤᠷ ᠠᠯᠤᠰᠯᠠᠨ ᠲᠡᠪᠡᠭ ᠢᠰᠬᠦᠯᠬᠦ ᠬᠤᠶᠠᠷ ᠵᠦᠢᠯ ᠤᠨ ᠤᠷᠤᠯᠳᠤᠭᠠᠨ ᠤ ᠲᠦᠷᠦᠯ ᠵᠦᠢᠯ ᠲᠤᠬᠢᠷᠠᠭᠤᠯᠪᠠ᠃ ᠲᠡᠪᠡᠭ ᠢᠰᠭᠦᠯᠬᠦ ᠪᠣᠯ ᠥᠲᠡᠯᠦᠭᠰᠡᠨ ᠵᠠᠯᠠᠭᠤᠴᠤᠳ ᠲᠤ ᠪᠦᠷ ᠲᠣᠬᠢᠷᠠᠬᠤ᠂ ᠰᠣᠨᠢᠷᠬᠠᠯᠲᠤ ᠴᠢᠨᠠᠷ ᠢᠶᠠᠷ ᠴᠢᠩᠭ᠎ᠠ ᠪᠦᠬᠦ ᠠᠷᠠᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠬᠤ ᠲᠠᠮᠢᠷ ᠶᠤᠮ᠃ ᠲᠣᠰ ᠤᠳᠠᠭᠠᠨ ᠤ ᠤᠷᠤᠯᠳᠤᠭᠠᠨ ᠨᠢ ᠪᠥᠬᠦ ᠣᠷᠣᠨ ᠤ ᠲᠡᠪᠡᠭ ᠪᠥᠮᠪᠦᠭᠡ ᠳᠤ ᠪᠠᠭ᠋ᠠᠲᠠᠢ ᠬᠥᠮᠥᠰ ᠲᠤ ᠬᠠᠷᠢᠯᠴᠠᠨ ᠰᠤᠷᠤᠯᠴᠠᠵᠤ᠂ ᠬᠠᠷᠢᠯᠴᠠᠨ ᠰᠣᠯᠢᠯᠴᠠᠬᠤ ᠲᠠᠪᠴᠠᠩ ᠬᠠᠩᠭᠠᠭᠰᠠᠨ ᠪᠥᠭᠡᠳ ᠲᠠᠮᠢᠷᠴᠢᠳ ᠤᠨ ᠪᠡᠶ᠎ᠡ ᠮᠠᠬᠠᠪᠤᠳ ᠤᠨ ᠬᠡᠪ ᠴᠢᠨᠠᠷ᠂ ᠤᠷᠤᠯᠳᠤᠭᠠᠨ ᠤ ᠬᠢᠷᠢ ᠲᠦᠪᠰᠢᠨ ᠤ ᠨᠢᠭᠡ ᠤᠳᠠᠭᠠᠨ ᠤ ᠦᠵᠡᠯᠴᠡᠭᠡᠨ ᠪᠣᠯᠤᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号