2023 ᠮᠤᠷᠢᠨᠳᠠᠪᠠᠭ᠎ᠠ ᠶᠢᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠬᠠᠭᠠᠰ ᠵᠠᠮ ᠤᠨ ᠮᠠᠷᠠᠽᠤᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2023/8/28
   8 ᠰᠠᠷ᠎ᠠ ᠶᠢᠨ 26  ᠤ ᠡᠳᠦᠷ᠂ 2023 ᠮᠤᠷᠢᠨᠳᠠᠪᠠᠭ᠎ᠠ ᠶᠢᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ︾ ᠬᠠᠭᠠᠰ ᠵᠠᠮ ᠤᠨ ᠮᠠᠷᠠᠽᠤᠨ ᠤᠷᠤᠯᠳᠤᠭᠠᠨ ᠡᠬᠢᠯᠡᠪᠡ᠃ ᠤᠷᠤᠯᠳᠤᠭᠠᠨ ᠳᠤ ᠪᠦᠬᠦ ᠤᠯᠤᠰ ᠤᠨ ᠡᠯ᠎ᠡ ᠭᠠᠵᠠᠷ ᠤᠨ 400 ᠭᠠᠷᠤᠢ  ᠮᠠᠷᠠᠽᠤᠨ ᠤ ᠪᠠᠭ᠋ᠠᠲᠠᠳ ᠪᠠ 1700 ᠭᠠᠷᠤᠢ ᠬᠦᠶᠦᠬᠦ ᠲᠤᠷᠠᠳᠠᠢ ᠬᠦᠮᠦᠰ ᠬᠠᠮᠲᠤ ᠪᠠᠷ ᠤᠷᠤᠯᠳᠤᠭᠠᠨ ᠳᠤ ᠤᠷᠤᠯᠴᠠᠪᠠ᠃
    ᠲᠤᠰ ᠤᠳᠠᠭ᠎ᠠ ᠶᠢᠨ ᠬᠠᠭᠠᠰ ᠵᠠᠶᠢᠲᠤ ᠮᠠᠷᠠᠽᠤᠨ ᠤᠷᠤᠯᠳᠤᠭᠠᠨ ᠤ ᠵᠠᠮ ᠤᠨ ᠤᠷᠳᠤ ᠨᠢ 21.0975 ᠺᠢᠯᠦᠮᠧᠲᠷ ᠪᠠᠶᠢᠵᠤ᠂ ᠠᠭᠤᠳᠠᠮ ᠲᠠᠯᠠᠪᠠᠢ᠂ ᠳᠠᠭᠤᠷ ᠦᠨᠳᠦᠰᠦᠲᠡᠨ ᠤ ᠮᠦᠽᠧᠢ᠂ ᠪᠤᠶᠢᠺᠦ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠵᠡᠷᠭᠡ ᠭᠠᠵᠠᠷ ᠢᠶᠠᠷ  ᠦᠩᠭᠡᠷᠡᠵᠦ᠂ ᠰᠣᠶᠣᠯ ᠢᠷᠭᠡᠨᠰᠢᠯ ᠤᠨ ᠲᠡᠦᠬᠡ᠂ ᠬᠤᠳᠠ ᠶᠢᠨ ᠴᠤᠭ ᠵᠢᠪᠬᠤᠭ᠎ᠠ ᠪᠣᠯᠣᠨ ᠪᠠᠶᠢᠭᠠᠯᠢ ᠶᠢᠨ ᠦᠵᠡᠮᠵᠢ ᠶᠢ ᠬᠤᠯᠪᠣᠭᠰᠠᠨ ᠪᠠᠶᠢᠨ᠎ᠠ᠃ 2023 ᠮᠣᠷᠢᠨᠳᠠᠪᠠᠭ᠎ᠠ ᠶᠢᠨ     ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠬᠠᠭᠠᠰ ᠵᠠᠮ ᠤᠨ ᠮᠠᠷᠠᠽᠤᠨ ᠤᠷᠤᠯᠳᠤᠭᠠᠨ ᠨᠢ ︽ᠪᠡᠶ᠎ᠡ ᠶᠢᠨ ᠲᠠᠮᠢᠷ +︾ ᠪᠠᠷ ᠭᠠᠷᠳᠠᠴᠠ ᠪᠣᠯᠭᠠᠵᠤ᠂ ᠵᠤᠭᠠᠴᠠᠯ᠂ ᠪᠡᠶ᠎ᠡ ᠶᠢᠨ ᠲᠠᠮᠢᠷ᠂ ᠰᠣᠶᠣᠯ ᠵᠡᠷᠭᠡ ᠤᠯᠠᠨ ᠡᠰᠢᠲᠦ ᠠᠭᠤᠯᠭ᠎ᠠ ᠶᠢ ᠲᠥᠪᠯᠡᠷᠡᠭᠦᠯᠵᠦ᠂ ᠨᠡᠩ ᠢᠯᠡᠭᠦᠦ ᠣᠷᠣᠨ ᠨᠤᠲᠤᠭ ᠤᠨ ᠣᠨᠴᠠᠯᠢᠭ ᠲᠠᠢ ᠲᠦᠷᠦᠯ ᠲᠡᠮᠳᠡᠭ ᠤᠨ ᠤᠷᠤᠯᠳᠤᠭᠠᠨ ᠢ ᠡᠭᠦᠳᠴᠦ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号