ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠡᠬᠢᠯᠡᠪᠡ ᠸᠠᠩ ᠯᠢ ᠰᠢᠶᠠ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠵᠠᠢ
ᠨᠡᠶᠢᠲᠡᠯᠡᠭᠰᠡᠨ ᠴᠠᠭ᠄
2023/8/9
    ᠡᠷᠡᠯᠬᠡᠭᠯᠡᠨ ᠲᠡᠮᠡᠴᠡᠵᠦ᠂ ᠤᠮᠠᠷᠠᠲᠤ ᠬᠢᠯᠢ ᠳᠤ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ᠃ 8 ᠰᠠᠷ᠎ᠠ ᠶᠢᠨ 8 ᠤ ᠣᠷᠣᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠣᠷᠳᠣᠰ ᠲᠤ ᠡᠬᠢᠯᠡᠪᠡ᠃
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠯ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠪᠠᠶᠠᠷ ᠤᠨ ᠦᠭᠡ ᠬᠡᠯᠡᠵᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠭᠦᠸᠧ ᠨᠠᠨ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠡᠭᠢᠯᠡᠯᠲᠡ ᠶᠢᠨ ᠶᠣᠰᠣᠯᠠᠯ ᠢ ᠡᠷᠭᠢᠯᠡᠪᠡ᠃
    ᠡᠭᠢᠯᠡᠯᠲᠡ ᠶᠢᠨ ᠶᠣᠰᠣᠯᠠᠯ ᠠᠴᠠ ᠡᠮᠦᠨ᠎ᠡ᠂ ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠭᠦ ᠣᠷᠣᠨ ᠤ ᠣᠯᠠᠨ ᠲᠦᠮᠡᠨ ᠤ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠢ ᠪᠣᠯᠣᠨ ᠲᠡᠷᠢᠭᠦᠨ ᠤ ᠬᠤᠪᠢ ᠬᠥᠮᠥᠨ ᠤ ᠲᠥᠯᠥᠭᠡᠯᠡᠭᠴᠢ᠂ ᠰᠢᠯᠢᠳᠡᠭ ᠲᠠᠮᠢᠷᠴᠢᠳ ᠤᠨ ᠲᠥᠯᠥᠭᠡᠯᠡᠭᠴᠢ ᠶᠢ ᠭᠥᠯᠢᠶᠡᠨ ᠠᠪᠴᠤ ᠠᠭᠤᠯᠵᠠᠪᠠ᠃
    20 ᠴᠠᠭ ᠲᠤ᠂ ︽ᠲᠠᠮᠢᠷᠴᠢᠳ ᠤᠨ ᠤᠷᠤᠭᠰᠢᠯᠠᠯᠲᠠ ᠶᠢᠨ ᠳᠠᠭᠤᠤ︾ ᠶᠢᠨ ᠰᠦᠷ ᠵᠢᠪᠬᠤᠭᠠᠲᠤ ᠠᠶᠠᠰ ᠳᠤᠮᠳᠠ᠂ ᠲᠤᠭ ᠬᠠᠮᠠᠭᠠᠯᠠᠬᠤ ᠵᠢᠬᠰᠠᠭᠠᠯᠳᠤ ᠡᠩᠨᠡᠭᠡ ᠶᠢᠨ ᠬᠢᠨ ᠬᠤᠷᠴᠠ ᠤᠯᠠᠭᠠᠨ ᠤᠯᠤᠰ ᠤᠨ ᠲᠤᠭ᠂ ᠪᠦᠭᠦ ᠣᠷᠣᠨ ᠤ ᠲᠠᠮᠢᠷ ᠤᠨ ᠴᠤᠭᠯᠠᠭᠠᠨ ᠤ ᠲᠤᠭ ᠪᠣᠯᠣᠨ ᠠᠷᠪᠠᠨ ᠲᠠᠪᠤᠳᠤᠭᠠᠷ ᠬᠤᠭᠤᠴᠠᠭᠠᠨ ᠤ ᠪᠦᠭᠦ ᠣᠷᠣᠨ ᠤ ᠲᠠᠮᠢᠷ ᠤᠨ ᠴᠤᠭᠯᠠᠭᠠᠨ ᠤ ᠲᠤᠭ ᠢ ᠬᠦᠷᠢᠶᠡᠯᠡᠵᠦ᠂ ᠴᠤᠭ ᠵᠢᠪᠬᠤᠭ᠎ᠠ ᠲᠡᠭᠦᠯᠳᠡᠷ ᠢᠶᠠᠷ ᠣᠷᠳᠣᠰ ᠬᠤᠳᠠ ᠶᠢᠨ ᠪᠡᠶ᠎ᠡ ᠶᠢᠨ ᠲᠠᠮᠢᠷ ᠤᠨ ᠲᠠᠯᠠᠪᠠᠢ ᠳᠤ ᠠᠯᠬᠤᠨ ᠣᠷᠣᠪᠠ᠃ ᠡᠯ᠎ᠡ ᠲᠥᠯᠥᠭᠡᠯᠡᠭᠴᠢᠳ ᠤᠨ ᠪᠦᠯᠭᠦᠮ ᠡᠮᠬᠢ ᠲᠠᠷᠠᠭ᠎ᠠ ᠲᠠᠢ ᠲᠠᠮᠢᠷ ᠤᠨ ᠲᠠᠯᠠᠪᠠᠢ ᠳᠤ ᠣᠷᠣᠬᠤ ᠳᠤ ᠲᠤᠬᠠᠢ ᠶᠢᠨ ᠲᠠᠯᠠᠪᠠᠢ ᠳᠤ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠪᠡ᠃ ᠲᠠᠯᠠᠪᠠᠢ ᠳᠤ ᠣᠷᠣᠬᠤ ᠶᠣᠰᠣᠯᠠᠯ ᠳᠠᠭᠤᠰᠴᠤ᠂ ᠲᠠᠯᠠᠪᠠᠢ ᠳᠠᠶᠠᠭᠠᠷ ᠢᠶᠠᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠬᠤ ᠳᠤ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠥᠨᠳᠥᠷ ᠨᠠᠮᠢᠷᠠᠯ᠎ᠠ᠃ ᠲᠠᠷᠠᠭ᠎ᠠ ᠨᠢ᠂ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ᠂ ᠤᠷᠢᠨ ᠳᠤᠯᠠᠭᠠᠨ ᠬᠤᠳᠠ ᠶᠢᠨ ᠪᠣᠯᠵᠤᠭ᠎ᠠ︾ ᠪᠠᠷ ᠭᠤᠣᠯ ᠰᠡᠳᠦᠪ ᠪᠤᠯᠭᠠᠬᠰᠠᠨ ᠰᠣᠶᠣᠯ ᠪᠡᠶ᠎ᠡ ᠶᠢᠨ ᠲᠠᠮᠢᠷ ᠤᠨ ᠦᠵᠡᠭᠦᠯᠭᠡ ᠬᠠᠪᠤᠲᠠᠢ ᠰᠠᠶᠢᠬᠠᠨ ᠶᠠᠪᠤᠭᠳᠠᠯ᠎ᠠ᠃ ᠲᠣᠬᠯᠠᠯᠲᠠ ᠨᠢ ᠣᠷᠣᠰᠢᠯ ᠵᠢᠴᠢ ᠠᠭᠤᠯᠠ ᠤᠰᠤ ᠪᠠᠨ ︽ᠨᠣᠮᠢᠨ ᠨᠣᠭᠤᠭᠠᠨ︾ ᠢᠶᠠᠷ ᠪᠤᠳᠤᠭᠯᠠᠵᠤ᠂ ᠢᠷᠡᠭᠡᠳᠦᠢ ᠪᠠᠨ ︽ᠡᠨᠧᠷᠭᠢ︾ ᠪᠠᠷ ᠴᠣᠭᠴᠠᠯᠠᠵᠤ᠂ ᠲᠦᠮᠡᠨ ᠡᠷᠦᠭᠡ ᠶᠢ ᠪᠤᠶᠠᠨ ᠬᠡᠰᠢᠭ ᠢᠶᠠᠷ ᠢᠪᠡᠭᠡᠵᠦ᠂ ᠰᠡᠳᠬᠢᠯ ᠨᠢᠭᠡᠳᠦᠨ ᠬᠦᠰᠡᠯ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠨ᠎ᠡ ᠬᠡᠮᠡᠬᠦ 5 ᠬᠡᠰᠡᠭ ᠢᠶᠠᠷ ᠪᠦᠷᠢᠯᠳᠦᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠬᠤ ᠪᠠᠲᠤ ᠴᠢᠩᠭ᠎ᠠ ᠰᠡᠳᠬᠢᠯ ᠤᠨ ᠲᠠᠭᠤᠨ ᠢ ᠠᠮᠢᠳᠤᠯᠢᠭ ᠢᠶᠠᠷ ᠢᠯᠡᠳᠬᠡᠵᠦ᠂ ᠪᠦᠭᠦ ᠣᠷᠣᠨ ᠳᠠᠶᠠᠭᠠᠷ ᠢᠶᠠᠨ ︽ᠬᠤᠶᠠᠷ ᠶᠡᠭᠡ ᠶᠠᠪᠤᠳᠠᠯ︾ ᠢ ᠡᠷᠡᠰ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠣᠮᠤᠭ ᠵᠣᠷᠢᠭ ᠢ ᠭᠦᠢᠴᠡᠳ ᠢᠯᠡᠷᠡᠭᠦᠯᠪᠡ᠃     21 ᠴᠠᠭ 50 ᠮᠢᠨᠦ᠋ᠲ ᠤᠨ ᠦᠶ᠎ᠡ ᠪᠠᠷ᠂ ᠭᠠᠯ ᠪᠠᠮᠪᠠᠷᠴᠢᠨ ᠵᠠᠭᠤᠨᠨᠠᠮᠤᠷ ᠮᠣᠷᠢ ᠤᠨᠤᠵᠤ ᠲᠠᠮᠢᠷ ᠤᠨ ᠴᠤᠭᠯᠠᠭᠠᠨ ᠤ ᠭᠤᠣᠯ ᠭᠠᠯ ᠪᠠᠮᠪᠠᠷ ᠢ ᠨᠣᠴᠣᠭᠠᠬᠤ ᠳᠤ ᠰᠣᠯᠣᠩᠭᠠᠨ ᠥᠩᠭᠡᠲᠦ ᠬᠤᠸᠠᠷ ᠫᠤᠤᠵᠢᠩ ᠭᠡᠷᠡᠯᠳᠦᠨ ᠰᠠᠴᠤᠷᠠᠵᠤ᠂ ᠲᠤᠬᠠᠢ ᠶᠢᠨ ᠲᠠᠯᠠᠪᠠᠢ ᠬᠤᠷᠣᠮᠬᠠᠨ ᠵᠠᠭᠤᠷ᠎ᠠ ᠪᠠᠶᠠᠷ ᠪᠠᠶᠠᠰᠬᠤᠯᠠᠩ ᠢᠶᠠᠷ ᠪᠢᠯᠬᠠᠯ᠎ᠠ᠃     ᠪᠦᠭᠦ ᠣᠷᠣᠨ ᠤ ᠲᠠᠮᠢᠷ ᠤᠨ ᠴᠤᠭᠯᠠᠭᠠᠨ ᠪᠣᠯ ᠥᠪᠥᠷ ᠮᠣᠩᠭᠤᠯ ᠤᠨ ᠬᠡᠪᠴᠢᠶ᠎ᠡ ᠪᠠᠷ ᠬᠠᠮᠤᠭ ᠤᠨ ᠶᠡᠭᠡ᠂ ᠥᠷᠢᠰᠦᠯᠳᠦᠭᠡᠨ ᠤ ᠲᠦᠪᠰᠢᠨ ᠢᠶᠠᠷ ᠬᠠᠮᠤᠭ ᠤᠨ ᠴᠢᠩᠭ᠎ᠠ ᠶᠡᠷᠦᠩᠬᠡᠶᠢᠯᠡᠭᠰᠡᠨ ᠴᠢᠨᠠᠷᠲᠠᠢ ᠲᠠᠮᠢᠷ ᠤᠨ ᠦᠪᠡᠳᠡᠭᠰᠢ ᠴᠤᠭᠯᠠᠭᠠᠨ ᠪᠣᠯᠣᠨ᠎ᠠ᠂ ᠲᠣᠰ ᠬᠤᠭᠤᠴᠠᠭᠠᠨ ᠳᠤ ᠨᠡᠶᠢᠲᠡ 44 ᠶᠡᠭᠡ ᠲᠥᠷᠥᠯ᠂ 1232 ᠪᠠᠭ᠎ᠠ ᠲᠥᠷᠥᠯ ᠲᠣᠬᠢᠷᠠᠭᠤᠯᠵᠤ᠂ ᠤᠷᠤᠯᠳᠤᠭᠠᠨ ᠳᠤ ᠣᠷᠣᠯᠴᠠᠬᠰᠠᠨ ᠬᠥᠮᠥᠨ ᠤ ᠲᠤᠭ᠎ᠠ 1.5 ᠲᠦᠮᠡᠨ ᠬᠥᠮᠥᠨ ᠤᠳᠠᠭ᠎ᠠ ᠳᠤ ᠬᠦᠷᠴᠡᠢ᠃ ᠣᠷᠳᠣᠰ ᠤᠨ ᠭᠤᠣᠯ ᠤᠷᠤᠯᠳᠤᠭᠠᠨ ᠤ ᠲᠣᠭᠤᠷᠢᠭ ᠠᠴᠠ ᠭᠠᠳᠠᠨ᠎ᠠ ᠪᠠᠰᠠ ᠭᠦᠭᠡᠬᠤᠲᠠ᠂ ᠬᠥᠯᠥᠨ ᠪᠤᠶᠢᠷ᠂ ᠤᠯᠠᠭᠠᠨᠴᠠᠪ᠂ ᠤᠯᠠᠭᠠᠨᠬᠠᠳᠠ ᠪᠣᠯᠣᠨ ᠭᠢᠷᠢᠨ ᠮᠤᠵᠢ ᠶᠢᠨ ᠴᠠᠩ ᠪᠠᠢ ᠱᠠᠨ ︵ᠴᠡᠨᠡᠯᠡᠯᠳᠡ ᠶᠢᠨ ᠲᠥᠷᠥᠯ ᠵᠦᠢᠯ︶ ᠵᠡᠷᠭᠡ 5 ᠬᠤᠪᠢᠶᠠᠷᠢ ᠤᠷᠤᠯᠳᠤᠭᠠᠨ ᠤ ᠲᠣᠭᠤᠷᠢᠭ ᠲᠣᠬᠢᠷᠠᠭᠤᠯᠵᠠᠢ᠃
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号