ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ | ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠮᠴᠢᠯᠡᠭᠡᠨ ᠤ | ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ | ᠬᠡᠷᠡᠭᠵᠢᠭᠦᠯᠲᠦᠭᠡᠶ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ | ᠬᠠᠮᠢᠶᠠᠷᠤᠯᠲᠠ ᠶᠢᠨ ᠠᠷᠭ᠎ᠠ | | | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠲᠠᠨ ᠠᠵᠢᠯᠴᠢᠨ ᠤ | ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ | ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ︽ | ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇ | 2020﹈ 5 ᠳ᠋ᠤᠭᠠᠷ ᠲᠣᠭᠠᠲᠤ︶᠂ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠶᠢᠨ | ᠬᠢᠨᠠᠯᠲᠠ ᠬᠠᠮᠢᠶᠠᠷᠤᠯᠲᠠ ᠶᠢᠨ ᠲᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ | ᠶᠠᠪᠤᠳᠠᠯ ᠤᠨ ᠬᠤᠷᠢᠶᠠᠨ ᠤ ᠵᠠᠷᠯᠢᠭ 735 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ᠂ ᠬᠥᠬᠡᠬᠤᠲᠠ ᠳᠠᠬᠢ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ ᠪᠣᠯᠤᠨ ᠲᠥᠪ ᠤᠨ | ᠰᠢᠭᠤᠳ ᠬᠠᠷᠢᠶ᠎ᠠ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ | ᠲᠡᠭᠦᠨ ᠤ ᠠᠵᠢᠯᠳᠠᠨ ᠠᠵᠢᠯᠴᠢᠨ ᠲᠤᠰ ᠠᠷᠭ᠎ᠠ ᠶᠢᠨ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠠᠵᠢᠯᠳᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠨ᠎ᠠ᠃ | ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠪᠠᠶᠢᠭᠤᠯᠤᠮᠵᠢ ᠨᠢ | ᠪᠦᠬᠦ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠵᠠᠰᠠᠭ ᠵᠠᠬᠢᠷᠭᠠᠨ ᠤ ᠬᠠᠮᠢᠶᠠᠷᠤᠯᠲᠠ ᠶᠢ ᠬᠡᠷᠡᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠳᠠᠨ ᠠᠵᠢᠯᠴᠢᠨ ᠤ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠠᠵᠢᠯ ᠢ ᠨᠢᠭᠡᠳᠦᠯᠲᠡᠶ ᠤᠳᠤᠷᠢᠳᠬᠤ ᠪᠠ ᠵᠣᠬᠢᠶᠠᠨ ᠪᠠᠶᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠬᠤᠷᠢᠶᠠᠩᠭᠤᠶᠢᠯᠠᠬᠤ ᠪᠠ ᠰᠠᠭᠤᠷᠢ ᠮᠥᠩᠭᠦ ᠶᠢᠨ | ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠨ᠎ᠠ︔ ᠥᠪᠡᠷᠲᠡᠭᠡᠨ ᠵᠠᠰᠠᠬᠤ | ᠣᠷᠣᠨ ᠤ ᠬᠢᠨᠠᠨ ᠪᠣᠳᠣᠬᠤ ᠰᠠᠯᠠᠭ᠎ᠠ ᠮᠥᠴᠢᠷ ᠨᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ | ᠵᠠᠷᠤᠯᠭ᠎ᠠ ᠪᠠ ᠬᠠᠮᠢᠶᠠᠷᠤᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠣᠳᠣᠬᠤ ᠬᠡᠷᠡᠭᠲᠡᠢ︔ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠴᠡᠭ | ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠠᠬᠢᠭᠤᠯᠬᠤ ᠬᠡᠷᠡᠭᠲᠡᠶ︔ | ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠣᠳᠠᠯ ᠬᠤᠷᠢᠶᠠᠬᠤ ᠶᠢ ᠬᠠᠷᠢᠭᠤᠴᠠᠨ᠎ᠠ︔ ᠥᠪᠡᠷᠲᠡᠭᠡᠨ | ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠲᠤᠬᠠᠶᠢᠯᠠᠭᠰᠠᠨ | ᠠᠵᠢᠯ᠂ ᠡᠳ᠋ ᠤᠨ ᠶᠠᠪᠤᠳᠠᠯ ᠤᠨ ᠠᠮᠤᠷ ᠲᠦᠪᠰᠢᠨ᠂ ᠲᠦᠭᠰᠢᠭᠦᠷᠢ ᠶᠢᠨ ᠬᠠᠮᠢᠶᠠᠷᠤᠯᠲᠠ ᠪᠠ ᠲᠥᠰᠦᠪ ᠤᠨ | ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ | ᠦᠢᠯᠡᠴᠢᠯᠡᠭᠡᠨ ᠤ ᠵᠥᠪᠯᠡᠯᠴᠡᠭᠡᠷ ᠢ ᠬᠠᠮᠢᠶᠠᠷᠬᠤ᠂ ᠵᠠᠷᠤᠳᠠᠯ ᠢ ᠬᠢᠨᠠᠨ ᠡᠵᠡᠮᠳᠡᠬᠦ᠂ ᠰᠠᠭᠤᠷᠢ ᠮᠥᠩᠭᠦ ᠰᠠᠯᠭᠠᠨ ᠥᠭᠬᠦ᠂ | ᠣᠯᠭᠤᠮᠵᠢ ᠶᠢ ᠬᠢᠨᠠᠨ ᠬᠠᠷᠭᠤᠭᠤᠯᠬᠤ ᠵᠢᠴᠢ ᠣᠯᠭᠤᠬᠤ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ᠂ ᠨᠡᠶᠢᠭᠡᠮ ᠳᠤ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠣᠷᠣᠯᠭ᠎ᠠ᠂ ᠵᠠᠷᠤᠯᠭ᠎ᠠ᠂ ᠦᠯᠡᠳᠡᠪᠦᠷᠢ ᠵᠡᠷᠭᠡ ᠶᠢᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠲᠠᠯᠪᠢᠯᠳᠡ ᠶᠢ ᠬᠦᠯᠢᠶᠡᠬᠦ ᠬᠡᠷᠡᠭᠲᠡᠶ᠃ | ᠬᠤᠶᠠᠳᠤᠭᠠᠷ ᠪᠦᠯᠦᠭ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ | ᠳᠥᠷᠪᠡᠳᠦᠭᠡᠷ ᠵᠦᠢᠯ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠣᠳᠠᠯ ᠢ ᠳᠠᠭᠠᠳᠬᠠᠯ ᠳᠤ | ᠣᠷᠣᠯᠴᠠᠭᠰᠠᠨ ᠨᠢᠭᠡᠴᠢ ᠪᠣᠯᠣᠨ ᠳᠠᠭᠠᠳᠬᠠᠯ ᠳᠤ ᠣᠷᠣᠯᠴᠠᠭᠴᠢ ᠬᠠᠮᠲᠤ ᠪᠠᠷ ᠲᠤᠰᠢᠶᠠᠨ᠎ᠠ᠃ ᠲᠤᠰᠢᠶᠠᠬᠤ ᠰᠠᠭᠤᠷᠢ | ᠲᠤᠭ᠎ᠠ ᠶᠢ ᠤᠨ ᠳᠤ ᠪᠠᠨ ᠨᠢᠭᠡ ᠤᠳᠠᠭ᠎ᠠ ᠬᠠᠷᠭᠤᠭᠤᠯᠤᠨ ᠲᠣᠭᠲᠠᠭᠠᠵᠤ᠂ ᠵᠢᠯ ᠤᠨ ᠳᠣᠲᠣᠷ᠎ᠠ ᠲᠠᠬᠢᠵᠤ | ᠲᠣᠬᠢᠷᠠᠭᠤᠯᠤᠯᠲᠠ ᠬᠢᠬᠦ ᠥᠬᠡᠶ᠃ ᠲᠤᠰᠢᠶᠠᠬᠤ ᠪᠠᠷᠢᠮᠵᠢᠶ᠎ᠠ ᠨᠢ᠄ | ︵ᠨᠢᠭᠡ︶ ᠳᠠᠭᠠᠳᠬᠠᠯ ᠳᠤ ᠣᠷᠤᠯᠴᠠᠬᠤ ᠨᠢᠭᠡᠴᠢ ᠨᠢ ᠳᠡᠭᠡᠷ᠎ᠡ ᠵᠢᠯ ︵ᠲᠤᠬᠠᠶᠢᠯᠠᠭᠰᠠᠨ ᠠᠵᠢᠯ ᠤᠨ ᠵᠢᠯ︶ | ᠤᠨ ᠠᠵᠢᠯᠲᠠᠨ ᠠᠵᠢᠯᠴᠢᠨ ᠤ ᠴᠠᠯᠢᠩ ᠤᠨ ᠶᠡᠷᠦᠩᠬᠡᠶ ᠲᠣᠭᠠᠨ ᠤ 7% ᠪᠠᠷ ᠲᠤᠰᠢᠶᠠᠨ᠎ᠠ᠃ | ︵ᠬᠤᠶᠠᠷ︶ ᠳᠠᠭᠠᠳᠬᠠᠯ ᠳᠤ ᠣᠷᠣᠯᠴᠠᠭᠴᠢ ᠳᠡᠭᠡᠷ᠎ᠡ ᠵᠢᠯ ︵ᠲᠤᠬᠠᠶᠢᠯᠠᠭᠰᠠᠨ ᠠᠵᠢᠯ ᠤᠨ ᠵᠢᠯ ︶ ᠤᠨ | ᠴᠠᠯᠢᠩ ᠤᠨ ᠣᠷᠣᠯᠭ᠎ᠠ ᠶᠢᠨ 2% ᠢᠶᠠᠷ ᠲᠤᠰᠢᠶᠠᠨ᠎ᠠ᠃ | ︵ᠭᠤᠷᠪᠠ︶ ᠠᠮᠢᠳᠤᠯᠢᠭ ᠢᠶᠠᠷ ᠠᠵᠢᠯ ᠣᠯᠤᠭᠰᠠᠳ ᠤᠨ ᠲᠤᠰᠢᠶᠠᠬᠤ ᠵᠠᠷᠣᠳᠠᠯ ᠤᠨ ᠨᠣᠷᠮ᠎ᠠ ᠨᠢ | ᠳᠠᠭᠠᠳᠬᠠᠯ ᠳᠤ ᠣᠷᠣᠯᠴᠠᠭᠰᠠᠨ ᠨᠢᠭᠡᠴᠢ ᠬᠢᠭᠡᠳ ᠳᠠᠭᠠᠳᠬᠠᠯ ᠳᠤ ᠣᠷᠣᠯᠴᠠᠭᠴᠢ ᠶᠢᠨ ᠲᠤᠰᠢᠶᠠᠭᠰᠠᠨ ᠵᠠᠷᠣᠳᠠᠯ ᠤᠨ | ᠨᠣᠷᠮ᠎ᠠ ᠶᠢᠨ ᠨᠡᠶᠢᠯᠡᠪᠦᠷᠢ ᠪᠣᠯᠤᠨ᠎ᠠ᠃ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠳᠡᠭᠡᠷ᠎ᠡ ᠵᠢᠯ ᠤᠨ ᠬᠤᠲᠠ ᠪᠠᠯᠭᠠᠰᠤ ᠶᠢᠨ ᠬᠤᠪᠢ ᠶᠢᠨ | ᠡᠵᠡᠩᠨᠡᠯᠲᠡ ᠶᠢᠨ ᠪᠤᠰᠤ ᠨᠢᠭᠡᠴᠢ ᠪᠠ ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ᠬᠢ ᠶᠢ ᠲᠣᠣᠬᠠᠢᠢᠯᠠᠵᠣ | ᠪᠤᠳᠤᠭᠰᠠᠨ ᠪᠥᠬᠦ ᠰᠢᠰᠲ᠋ᠧᠮ ᠤᠨ ᠬᠤᠲᠠ ᠪᠠᠯᠭᠠᠰᠤ ᠶᠢᠨ ᠨᠢᠭᠡᠴᠢ ᠶᠢᠨ ᠠᠵᠢᠯ ᠣᠯᠤᠭᠰᠠᠳ ᠤᠨ ᠳᠤᠮᠳᠠᠴᠢ | ᠴᠠᠯᠢᠩ ᠢᠶᠠᠷ ᠵᠢᠯ ᠤᠨ ᠡᠮᠴᠢᠯᠡᠭᠡᠨ ᠤ ᠳᠠᠭᠠᠳᠬᠠᠯ ᠤᠨ ᠵᠠᠷᠣᠳᠠᠯ ᠢ ᠲᠤᠰᠢᠶᠠᠬᠤ ᠰᠠᠭᠤᠷᠢ ᠲᠣᠭᠠᠨ ᠤ ᠪᠠᠷᠢᠮᠵᠢᠶ᠎ᠠ | ᠪᠣᠯᠭᠠᠨ᠎ᠠ᠃ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠠᠵᠢᠯᠲᠠᠨ ᠠᠵᠢᠯᠴᠢᠨ ᠤ ᠳᠡᠭᠡᠷ᠎ᠡ ᠵᠢᠯ ᠤᠨ ᠳᠤᠮᠳᠠᠴᠢ | ᠴᠠᠯᠢᠩ ᠨᠢ ᠥᠪᠡᠷᠲᠡᠭᠡᠨ ᠵᠠᠰᠠᠬᠤ ᠣᠷᠣᠨ ᠤ ᠳᠡᠭᠡᠷ᠎ᠡ ᠵᠢᠯ ᠤᠨ ᠬᠤᠲᠠ ᠪᠠᠯᠭᠠᠰᠤ ᠶᠢᠨ ᠬᠤᠪᠢ ᠶᠢᠨ | ᠡᠵᠡᠩᠨᠡᠯᠲᠡ ᠶᠢᠨ ᠪᠤᠰᠤ ᠨᠢᠭᠡᠴᠢ ᠪᠠ ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ᠬᠢ ᠶᠢ ᠲᠣᠣᠬᠠᠢᠢᠯᠠᠵᠣ | ᠪᠤᠳᠤᠭᠰᠠᠨ ᠪᠥᠬᠦ ᠰᠢᠰᠲ᠋ᠧᠮ ᠤᠨ ᠬᠤᠲᠠ ᠪᠠᠯᠭᠠᠰᠤ ᠶᠢᠨ ᠨᠢᠭᠡᠴᠢ ᠶᠢᠨ ᠠᠵᠢᠯ ᠣᠯᠤᠭᠰᠠᠳ ᠤᠨ ᠳᠤᠮᠳᠠᠴᠢ | ᠴᠠᠯᠢᠩ ᠤᠨ 80% ᠠᠴᠠ ᠲᠣᠣᠷ᠎ᠡ ᠪᠠᠶᠢᠪᠡᠯ᠂ 80% ᠪᠠᠷ ᠵᠠᠷᠤᠳᠠᠯ ᠲᠤᠰᠢᠶᠠᠬᠤ ᠰᠠᠭᠤᠷᠢ ᠲᠤᠭ᠎ᠠ ᠪᠣᠯᠭᠠᠨ᠎ᠠ︔ | 300% ᠠᠴᠠ ᠳᠡᠭᠡᠭᠰᠢ ᠪᠠᠶᠢᠪᠡᠯ᠂ 300% ᠪᠠᠷ ᠵᠠᠷᠣᠳᠠᠯ ᠲᠤᠰᠢᠶᠠᠬᠤ ᠰᠠᠭᠤᠷᠢ ᠲᠤᠭ᠎ᠠ ᠪᠣᠯᠭᠠᠨ᠎ᠠ᠃ | ᠠᠮᠢᠳᠤᠯᠢᠭ ᠢᠶᠠᠷ ᠠᠵᠢᠯ ᠣᠯᠤᠭᠰᠠᠳ ᠤᠨ ᠵᠠᠷᠣᠳᠠᠯ ᠲᠤᠰᠢᠶᠠᠬᠤ ᠰᠠᠭᠤᠷᠢ ᠲᠤᠭ᠎ᠠ ᠶᠢ ᠥᠪᠡᠷᠲᠡᠭᠡᠨ ᠵᠠᠰᠠᠬᠤ | ᠣᠷᠣᠨ ᠤ ᠳᠡᠭᠡᠷ᠎ᠡ ᠵᠢᠯ ᠤᠨ ᠬᠤᠲᠠ ᠪᠠᠯᠭᠠᠰᠤ ᠶᠢᠨ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠪᠠ ᠬᠤᠪᠢ ᠶᠢᠨ | ᠡᠵᠡᠩᠨᠡᠯᠲᠡ ᠶᠢᠨ ᠨᠢᠭᠡᠴᠢ ᠪᠠᠷ ᠨᠡᠮᠡᠵᠦ ᠪᠤᠳᠤᠭᠰᠠᠨ ᠪᠥᠬᠦ ᠰᠢᠰᠲ᠋ᠧᠮ ᠤᠨ ᠬᠤᠲᠠ ᠪᠠᠯᠭᠠᠰᠤ ᠶᠢᠨ ᠨᠢᠭᠡᠴᠢ ᠶᠢᠨ | ᠠᠵᠢᠯ ᠣᠯᠤᠭᠰᠠᠳ ᠤᠨ ᠳᠤᠮᠳᠠᠴᠢ ᠴᠠᠯᠢᠩ ᠤᠨ 80% ᠪᠠᠷ ᠬᠠᠷᠭᠤᠭᠤᠯᠤᠨ ᠲᠣᠭᠲᠠᠭᠠᠨ᠎ᠠ᠃ | ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠵᠠᠷᠣᠳᠠᠯ ᠤᠨ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠤᠬᠢᠬᠤ | ᠲᠤᠬᠢᠷᠠᠭᠤᠯᠤᠯᠲᠠ ᠬᠢᠨ᠎ᠡ᠃ | ᠲᠠᠪᠤᠳᠤᠭᠠᠷ ᠵᠦᠢᠯ ᠳᠠᠭᠠᠳᠬᠠᠯ ᠳᠤ ᠣᠷᠣᠯᠴᠠᠭᠰᠠᠣᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ | ᠪᠠᠭᠤᠵᠤ ᠠᠮᠠᠷᠠᠬᠤ ᠨᠥᠬᠦᠴᠡᠯ ᠳᠤ ᠨᠡᠶᠢᠴᠡᠭᠰᠡᠨ ᠤ ᠬᠠᠮᠲᠤ ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠪᠣᠯ | ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠢ ᠬᠦᠷᠳᠡᠵᠦ ᠪᠣᠯᠤᠨ᠎ᠠ᠃ | ︵ᠨᠢᠭᠡ︶ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠳ᠃ | 1. 2005 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠳ ᠡᠮᠴᠢᠯᠡᠭᠡᠨ ᠤ ᠳᠠᠭᠠᠳᠬᠠᠯ ᠤᠨ ᠠᠵᠢᠯ ᠠᠴᠠ ᠪᠠᠨ ᠪᠠᠭᠤᠵᠤ ᠠᠮᠠᠷᠠᠬᠤ ᠭᠠᠷ ᠭᠦᠢᠴᠡᠳᠬᠡᠯ | ᠬᠢᠬᠦ ᠳᠤ ᠪᠠᠨ᠂ ᠵᠠᠯᠭᠠᠭ᠎ᠠ ᠪᠠᠷ ᠵᠠᠷᠣᠳᠠᠯ ᠲᠤᠰᠢᠶᠠᠭᠰᠠᠨ ᠨᠢ ᠰᠢᠭᠤᠳ ᠭᠦᠢᠴᠡᠳᠬᠡᠵᠦ ᠪᠣᠯᠤᠨ᠎ᠠ᠂ ᠵᠠᠷᠣᠳᠠᠯ | ᠲᠤᠰᠢᠶᠠᠬᠤ ᠪᠠᠨ ᠲᠠᠰᠤᠯᠳᠠᠭᠤᠯᠤᠭᠰᠠᠨ ᠪᠣᠯ ᠨᠢᠭᠡ ᠯᠡ ᠤᠳᠠᠭ᠎ᠠ ᠪᠠᠷ ᠨᠥᠬᠦᠵᠦ ᠲᠤᠰᠢᠶᠠᠬᠤ ᠬᠡᠷᠡᠭᠲᠡᠶ᠂ ᠵᠠᠷᠣᠳᠠᠯ | ᠲᠤᠰᠢᠶᠠᠭᠰᠠᠨ ᠵᠢᠯ ᠬᠤᠭᠤᠴᠠᠭ᠎ᠠ ᠳᠤ ᠬᠢᠵᠠᠭᠠᠷᠯᠠᠭᠳᠠᠬᠤ ᠦᠭᠡᠢ᠃ | 2. 2005 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ 2015 ᠣᠨ ᠤ 12 ᠳ᠋ᠤᠭᠠᠷ ᠰᠠᠷ᠎ᠠ ᠶᠢᠨ | 31 ᠤ ᠡᠳᠦᠷ ᠤᠨ ᠬᠤᠭᠤᠷᠣᠨᠳᠣᠬᠢ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ | ᠳᠠᠭᠠᠳᠬᠠᠯ ᠤᠨ ᠵᠠᠷᠣᠳᠠᠯ ᠲᠣᠰᠢᠶᠠᠭᠰᠠᠨ ᠵᠢᠯ ᠬᠤᠭᠤᠴᠠᠭ᠎ᠠ ᠨᠢ ᠪᠦᠬᠦᠯᠢ 20 ᠵᠢᠯ ᠪᠣᠯᠣᠭᠰᠠᠨ ᠪᠠᠶᠢᠬᠤ ᠬᠡᠷᠡᠭᠲᠡᠶ᠃ | ᠠᠵᠢᠯ ᠠᠴᠠ ᠪᠠᠨ ᠪᠠᠭᠤᠵᠤ ᠠᠮᠠᠷᠠᠬᠤ ᠭᠠᠷᠳᠠᠮ ᠭᠦᠢᠴᠡᠳᠬᠡᠬᠦ ᠳᠤ᠂ ᠵᠠᠷᠣᠳᠠᠯ ᠲᠤᠰᠢᠶᠠᠭᠰᠠᠨ ᠪᠣᠳᠠᠲᠠᠶ ᠵᠢᠯ | ᠬᠤᠭᠤᠴᠠᠭ᠎ᠠ ᠨᠢ 20 ᠵᠢᠯ ᠬᠥᠷᠬᠦ ᠥᠬᠡᠶ ᠪᠣᠯ᠂ ᠳᠠᠭᠠᠳᠬᠠᠯ ᠳᠤ ᠣᠷᠣᠯᠴᠠᠭᠰᠠᠨ ᠨᠢᠭᠡᠴᠢ ᠠᠴᠠ ᠲᠡᠭᠦᠨ ᠤ | ᠠᠵᠢᠯ ᠠᠴᠠ ᠪᠠᠨ ᠪᠠᠭᠤᠵᠤ ᠠᠮᠠᠷᠠᠬᠤ ᠦᠶ᠎ᠡ ᠶᠢᠨ ᠲᠤᠬᠠᠶ ᠶᠢᠨ ᠰᠠᠷ᠎ᠠ ᠶᠢᠨ ᠴᠠᠯᠢᠩ ᠢᠶᠠᠷ ᠰᠠᠭᠤᠷᠢ ᠲᠤᠭ᠎ᠠ ᠪᠣᠯᠭᠠᠬᠤ | ᠪᠠ ᠲᠤᠬᠠᠶ ᠶᠢᠨ ᠵᠢᠯ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠴᠢ ᠶᠢᠨ ᠵᠠᠷᠣᠳᠠᠯ ᠲᠤᠰᠢᠶᠠᠬᠤ | ᠬᠠᠷᠢᠴᠠᠯ ᠢᠶᠠᠷ ᠳᠤᠲᠠᠵᠤ ᠪᠠᠶᠢᠭ᠎ᠠ ᠪᠣᠳᠠᠲᠠᠶ ᠵᠠᠷᠣᠳᠠᠯ ᠲᠤᠰᠢᠶᠠᠬᠤ ᠰᠠᠷ᠎ᠠ ᠶᠢᠨ ᠲᠤᠭ᠎ᠠ ᠶᠢᠨ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠵᠠᠷᠣᠳᠠᠯ ᠢ ᠨᠢᠭᠡ ᠯᠡ ᠤᠳᠠᠭ᠎ᠠ ᠪᠠᠷ ᠨᠥᠬᠦᠨ ᠲᠤᠰᠢᠶᠠᠵᠤ᠂ ᠡᠨᠡ ᠬᠦ ᠵᠠᠷᠣᠳᠠᠯ ᠢ | ᠪᠦᠭᠦᠳᠡ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠳᠤ ᠣᠷᠣᠭᠤᠯᠵᠤ᠂ ᠬᠤᠪᠢ ᠬᠥᠮᠦᠨ ᠤ ᠲᠠᠩᠰᠠᠨ ᠡᠷᠦᠬᠡ ᠳᠤ | ᠣᠷᠣᠭᠤᠯᠬᠤ ᠥᠬᠡᠶ᠃ | ︵ᠬᠤᠶᠠᠷ︶ ᠠᠮᠢᠳᠤᠯᠢᠭ ᠢᠶᠠᠷ ᠠᠵᠢᠯ ᠣᠯᠤᠭᠰᠠᠳ᠃ | 2016 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠵᠠᠷᠣᠳᠠᠯ ᠲᠤᠰᠢᠶᠠᠬᠤ ᠵᠢᠯ ᠬᠤᠭᠤᠴᠠᠭ᠎ᠠ ᠨᠢ ᠪᠦᠬᠦᠯᠢ 20 ᠵᠢᠯ | ᠪᠣᠯᠣᠭᠰᠠᠨ ᠪᠠᠶᠢᠬᠤ ᠬᠡᠷᠡᠭᠲᠡᠶ᠃ ᠵᠠᠷᠣᠳᠠᠯ ᠲᠤᠰᠢᠶᠠᠭᠰᠠᠨ ᠪᠣᠳᠠᠲᠠᠶ ᠵᠢᠯ ᠬᠤᠭᠤᠴᠠᠭ᠎ᠠ ᠨᠢ 20 ᠵᠢᠯ ᠬᠦᠷᠬᠦ ᠦᠭᠡᠢ | ᠪᠣᠯ᠂ ᠠᠵᠢᠯ ᠠᠴᠠ ᠪᠠᠨ ᠪᠠᠭᠤᠵᠤ ᠠᠮᠠᠷᠠᠬᠤ ᠭᠠᠷᠳᠠᠮ ᠭᠦᠢᠴᠡᠳᠬᠡᠬᠦ ᠦᠶ᠎ᠡ ᠶᠢᠨ ᠳᠡᠭᠡᠷ᠎ᠡ ᠵᠢᠯ ᠤᠨ ᠵᠠᠷᠣᠳᠠᠯ | ᠲᠤᠰᠢᠶᠠᠭᠰᠠᠨ ᠪᠠᠷᠢᠮᠵᠢᠶ᠎ᠠ ᠶᠣᠰᠣᠭᠠᠷ ᠦᠯᠡᠳᠡᠭᠰᠡᠨ ᠬᠤᠭᠤᠴᠠᠭᠠᠨ ᠤ ᠲᠤᠰᠢᠶᠠᠬᠤ ᠶᠣᠰᠣᠲᠠᠶ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠵᠠᠷᠣᠳᠠᠯ ᠢ ᠨᠢᠭᠡ ᠯᠡ ᠤᠳᠠᠭ᠎ᠠ ᠳᠤ ᠲᠤᠰᠢᠶᠠᠨ᠎ᠠ᠂ ᠨᠢᠭᠡ ᠯᠡ ᠤᠳᠠᠭ᠎ᠠ ᠳᠤ | ᠨᠥᠬᠦᠵᠦ ᠲᠤᠰᠢᠶᠠᠬᠤ ᠦᠭᠡᠢ ᠪᠠᠶᠢᠭᠰᠠᠨ ᠴᠤ ᠪᠣᠯᠣᠨ᠎ᠠ᠂ ᠬᠤᠭᠤᠴᠠᠭ᠎ᠠ ᠶᠣᠰᠣᠭᠠᠷ ᠵᠠᠷᠣᠳᠠᠯ ᠲᠤᠰᠢᠶᠠᠭᠠᠳ ᠪᠦᠬᠦᠯᠢ | 20 ᠵᠢᠯ ᠪᠣᠯᠤᠭᠰᠠᠨ ᠤ ᠳᠠᠷᠠᠭ᠎ᠠ ᠡᠮᠴᠢᠯᠡᠭᠡᠨ ᠤ ᠳᠠᠭᠠᠳᠬᠠᠯ ᠤᠨ ᠠᠵᠢᠯ ᠠᠴᠠ ᠪᠠᠨ ᠪᠠᠭᠤᠵᠤ ᠠᠮᠠᠷᠠᠬᠤ ᠭᠠᠷᠳᠠᠮ ᠢ | ᠭᠦᠢᠴᠡᠳᠬᠡᠨ᠎ᠡ᠃ | ︵ᠭᠤᠷᠪᠠ︶ ᠳᠠᠭᠠᠳᠬᠠᠯ ᠳᠤ ᠣᠷᠣᠯᠴᠠᠭᠰᠠᠳ᠃ | 2016 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠳ ︵ᠠᠮᠢᠳᠤᠯᠢᠭ ᠢᠶᠠᠷ ᠠᠵᠢᠯ ᠣᠯᠤᠭᠰᠠᠳ ᠢ ᠪᠠᠭᠲᠠᠭᠠᠨ᠎ᠠ︶᠂ ᠠᠵᠢᠯᠲᠠᠨ ᠠᠵᠢᠯᠴᠢᠨ ᠤ ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ | ᠪᠠᠭᠤᠵᠤ ᠠᠮᠠᠷᠠᠬᠤ ᠨᠠᠰᠤᠨ ᠳᠤ ᠬᠦᠷᠦᠭᠰᠡᠨ ᠪᠥᠭᠡᠳ ᠵᠠᠷᠤᠳᠠᠯ ᠲᠤᠰᠢᠶᠠᠭᠰᠠᠨ ᠨᠡᠶᠢᠲᠡ ᠵᠢᠯ ᠬᠤᠭᠤᠴᠠᠭ᠎ᠠ ᠨᠢ | ᠪᠦᠬᠦᠯᠢ 25 ᠵᠢᠯ ᠪᠣᠯᠣᠭᠰᠠᠨ ᠪᠣᠯ᠂ ᠠᠵᠢᠯ ᠠᠴᠠ ᠪᠠᠨ ᠪᠠᠭᠤᠵᠤ ᠠᠮᠠᠷᠠᠭᠰᠠᠨ ᠤ ᠳᠠᠷᠠᠭ᠎ᠠ ᠳᠠᠭᠢᠵᠤ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠵᠠᠷᠤᠳᠠᠯ ᠲᠤᠰᠢᠶᠠᠬᠤ ᠥᠬᠡᠶ ᠪᠠᠶᠢᠵᠤ᠂ ᠲᠣᠭᠲᠠᠭᠠᠯ ᠶᠣᠰᠣᠭᠠᠷ ᠠᠵᠢᠯᠲᠠᠨ | ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠣᠯᠭᠤᠮᠵᠢ ᠭᠥᠷᠳᠡᠨ᠎ᠡ᠃ ᠬᠠᠤᠯᠢ ᠪᠠᠷ ᠲᠣᠭᠲᠠᠭᠠᠭᠰᠠᠨ | ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠳᠤ ᠬᠦᠷᠴᠦ᠂ ᠵᠠᠷᠤᠳᠠᠯ ᠲᠤᠰᠢᠶᠠᠭᠰᠠᠨ ᠨᠡᠶᠢᠲᠡ ᠵᠢᠯ | ᠬᠤᠭᠤᠴᠠᠭ᠎ᠠ ᠨᠢ ᠲᠣᠭᠲᠠᠭᠰᠠᠨ ᠵᠢᠯ ᠤᠨ ᠬᠢᠵᠠᠭᠠᠷ ᠲᠤ ᠭᠦᠷᠦᠭᠰᠡᠨ ᠥᠬᠡᠶ ᠪᠣᠯ᠂ ᠳᠡᠭᠡᠷ᠎ᠡ ᠵᠢᠯ ᠤᠨ ᠵᠠᠷᠤᠳᠠᠯ | ᠲᠤᠰᠢᠶᠠᠭᠰᠠᠨ ᠪᠠᠷᠢᠮᠵᠢᠶ᠎ᠠ ᠶᠣᠰᠣᠭᠠᠷ ᠦᠯᠡᠳᠡᠭᠰᠡᠨ ᠬᠤᠭᠤᠴᠠᠭᠠᠨ ᠤ ᠲᠤᠰᠢᠶᠠᠪᠠᠰᠤ ᠵᠣᠬᠢᠬᠤ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠨᠢᠭᠡ ᠯᠡ ᠤᠳᠠᠭ᠎ᠠ ᠪᠠᠷ ᠲᠤᠰᠢᠶᠠᠬᠤ ᠬᠡᠷᠡᠭᠲᠡᠢ᠃ | ᠵᠢᠷᠭᠤᠳᠤᠭᠠᠷ ᠵᠦᠢᠯ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠰᠠᠷ᠎ᠠ ᠪᠠᠷ ᠲᠤᠰᠢᠶᠠᠨ᠎ᠠ᠂ | ᠳᠠᠭᠠᠳᠬᠠᠯ ᠳᠤ ᠣᠷᠣᠯᠴᠠᠭᠰᠠᠨ ᠨᠢᠭᠡᠴᠢ ᠡᠷᠬᠡᠪᠰᠢ ᠲᠣᠭᠲᠠᠭᠰᠠᠨ ᠴᠠᠭ ᠲᠤ ᠭᠦᠢᠴᠡᠳ ᠲᠤᠭ᠎ᠠ ᠪᠠᠷ ᠳᠡᠭᠡᠭᠰᠢ | ᠲᠤᠰᠢᠶᠠᠬᠤ ᠬᠡᠷᠡᠭᠲᠡᠶ᠃ ᠠᠵᠢᠯᠲᠠᠨ ᠠᠵᠢᠯᠴᠢᠨ ᠤ ᠬᠤᠪᠢ ᠬᠥᠮᠦᠨ ᠤ ᠲᠤᠰᠢᠶᠠᠬᠤ ᠬᠡᠰᠡᠭ ᠢ ᠳᠠᠭᠠᠳᠬᠠᠯ ᠳᠤ | ᠣᠷᠣᠯᠴᠠᠭᠰᠠᠨ ᠨᠢᠭᠡᠴᠢ ᠨᠢ ᠴᠠᠯᠢᠩ ᠠᠴᠠ ᠨᠢ ᠰᠠᠭᠤᠯᠭᠠᠨ ᠠᠪᠴᠤ ᠤᠷᠤᠯᠠᠨ ᠲᠤᠰᠢᠶᠠᠨ᠎ᠠ᠃ | ᠳᠣᠯᠣᠳᠤᠭᠠᠷ ᠵᠦᠢᠯ ᠳᠠᠭᠠᠳᠬᠠᠯ ᠳᠤ ᠣᠷᠣᠯᠴᠠᠭᠰᠠᠨ ᠨᠢᠭᠡᠴᠢ ᠨᠢ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠩᠰᠠᠯᠠᠭᠤᠯᠬᠤ ᠪᠠ ᠭᠤᠶᠤᠴᠢᠯᠠᠨ ᠮᠡᠳᠡᠭᠦᠯᠬᠦ ᠭᠠᠷᠳᠠᠮ ᠢ ᠴᠠᠭ | ᠲᠤᠬᠠᠶ ᠳᠤ ᠨᠢ ᠭᠦᠢᠴᠡᠳᠬᠡᠬᠦ ᠬᠡᠷᠡᠭᠲᠡᠶ᠃ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠳᠠᠩᠰᠠᠯᠠᠭᠤᠯᠤᠭᠰᠠᠨ | ᠵᠦᠢᠯᠡᠰ ᠲᠤ ᠨᠢ ᠬᠤᠪᠢᠷᠠᠯᠲᠠ ᠭᠠᠷᠤᠭᠰᠠᠨ ᠪᠤᠶᠤ ᠬᠠᠤᠯᠢ ᠶᠣᠰᠣᠭᠠᠷ ᠳᠠᠭᠤᠰᠤᠭᠰᠠᠨ ᠦᠶ᠎ᠡ ᠳᠤ᠂ ᠬᠤᠪᠢᠷᠠᠯᠲᠠ | ᠭᠠᠷᠤᠭᠰᠠᠨ ᠪᠤᠶᠤ ᠳᠠᠭᠤᠰᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠡᠮᠴᠢᠯᠡᠭᠡᠨ ᠤ ᠳᠠᠭᠠᠳᠬᠠᠯ ᠤᠨ | ᠭᠠᠷᠳᠠᠨ ᠭᠦᠢᠴᠡᠳᠬᠡᠬᠦ ᠴᠣᠩᠬᠤᠪᠴᠢ ᠳᠤ ᠬᠦᠷᠴᠦ ᠬᠤᠪᠢᠷᠠᠭᠤᠯᠬᠤ ᠪᠤᠶᠤ ᠳᠠᠩᠰᠠᠯᠠᠭᠤᠯᠤᠭᠰᠠᠨ ᠢᠶᠠᠨ ᠬᠦᠴᠦᠨ | ᠦᠭᠡᠢ ᠪᠣᠯᠭᠠᠬᠤ ᠬᠡᠷᠡᠭᠳᠡᠢ᠃ | ᠨᠠᠢᠮᠠᠳᠤᠭᠠᠷ ᠵᠦᠢᠯ ᠳᠠᠭᠠᠳᠬᠠᠯ ᠳᠤ ᠣᠷᠣᠯᠴᠠᠭᠰᠠᠨ ᠨᠢᠭᠡᠴᠢ ᠶᠢ ᠨᠢ ᠨᠠᠶᠢᠯᠡᠭᠦᠯᠭᠦ᠂ ᠰᠠᠯᠭᠠᠬᠤ ᠪᠤᠶᠤ | ᠪᠠᠶᠢᠭᠤᠯᠣᠮᠵᠢ ᠰᠣᠯᠢᠭᠰᠠᠨ ᠪᠣᠯ᠂ ᠬᠦᠯᠢᠶᠡᠨ ᠠᠪᠤᠭᠰᠠᠨ ᠪᠤᠶᠤ ᠵᠠᠯᠭᠠᠮᠵᠢᠯᠠᠨ ᠠᠪᠤᠭᠰᠠᠨ ᠨᠢᠭᠡᠴᠢ ᠨᠢ ᠡᠷᠬᠡᠪᠰᠢ ᠴᠠᠭ | ᠲᠤᠬᠠᠶ ᠳᠤ ᠨᠢ ᠡᠮᠴᠢᠯᠡᠭᠡᠨ ᠤ ᠳᠠᠭᠠᠳᠬᠠᠯ ᠤᠨ ᠶᠠᠪᠤᠳᠠᠯ ᠢ ᠭᠠᠷᠳᠠᠨ ᠭᠦᠢᠴᠡᠳᠬᠡᠬᠦ ᠴᠣᠩᠬᠤᠪᠴᠢ ᠳᠤ ᠬᠦᠷᠴᠦ | ᠬᠤᠯᠪᠣᠭᠳᠠᠯ ᠪᠦᠬᠦᠢ ᠬᠤᠪᠢᠷᠠᠭᠤᠯᠬᠤ ᠭᠠᠷᠳᠠᠮ ᠢ ᠭᠦᠢᠴᠡᠳᠬᠡᠬᠦ ᠶᠢᠨ ᠬᠠᠮᠲᠤ ᠦᠷᠢᠳᠣᠭ᠍ᠰᠡᠨ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠵᠠᠷᠤᠳᠠᠯ᠂ ᠬᠦᠦ ᠮᠥᠩᠭᠦ ᠬᠢᠭᠡᠳ ᠬᠤᠭᠤᠴᠠᠭ᠎ᠠ ᠰᠠᠭᠠᠲᠠᠭᠤᠯᠤᠭᠰᠠᠨ | ᠲᠣᠷᠭᠠᠭᠤᠯᠢ ᠶᠢᠨ ᠮᠥᠩᠭᠦ ᠪᠠᠨ ᠲᠦᠯᠣᠵᠣ ᠳᠠᠭᠤᠰᠬᠠᠬᠤ ᠬᠡᠷᠡᠭᠲᠡᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ | ᠦᠷᠢᠳᠣᠭ᠍ᠰᠡᠨ ᠡᠳᠦᠷ ᠠᠴᠠ ᠡᠬᠢᠯᠡᠨ᠂ ᠡᠳᠦᠷ ᠢᠶᠠᠷ ᠪᠣᠳᠣᠵᠣ ᠲᠦᠮᠡᠨ ᠬᠤᠪᠢ ᠶᠢᠨ ᠲᠠᠪᠤ ᠪᠠᠷ ᠬᠤᠭᠤᠴᠠᠭ᠎ᠠ | ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠨᠡᠮᠡᠵᠦ ᠬᠤᠷᠢᠶᠠᠨ᠎ᠠ᠃ ᠬᠤᠭᠤᠴᠠᠭ᠎ᠠ ᠰᠠᠭᠠᠲᠠᠭᠤᠯᠤᠭᠰᠠᠨ | ᠲᠣᠷᠭᠠᠭᠤᠯᠢ ᠶᠢᠨ ᠮᠥᠩᠭᠦ ᠶᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ ᠨᠠᠶᠢᠯᠡᠭᠦᠯᠵᠣ | ᠣᠷᠣᠭᠤᠯᠤᠨ᠎ᠠ᠃ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ ᠬᠦᠯᠢᠶᠡᠨ ᠠᠪᠤᠭᠰᠠᠨ ᠨᠢᠭᠡᠴᠢ | ᠪᠤᠶᠤ ᠵᠠᠯᠭᠠᠮᠵᠢᠯᠠᠭᠰᠠᠨ ᠨᠢᠭᠡᠴᠢ ᠠᠴᠠ ᠲᠤᠰᠢᠶᠠᠨ᠎ᠠ᠃ | ᠶᠢᠰᠦᠳᠦᠭᠡᠷ ᠵᠦᠢᠯ ᠳᠠᠭᠠᠳᠬᠠᠯ ᠳᠤ ᠣᠷᠣᠯᠴᠠᠭᠰᠠᠳ ᠠᠵᠢᠯ ᠰᠢᠯᠵᠢᠭᠰᠡᠨ᠂ ᠨᠠᠰᠤ ᠪᠠᠷᠠᠭᠰᠠᠨ ᠪᠤᠶᠤ | ᠳᠠᠭᠠᠳᠬᠠᠯ ᠳᠤ ᠣᠷᠣᠯᠴᠠᠭᠰᠠᠨ ᠨᠢᠭᠡᠴᠢ ᠯᠦᠭᠡ ᠶᠢᠨ ᠬᠥᠳᠡᠯᠮᠦᠷᠢ ᠶᠢᠨ ᠬᠠᠷᠢᠴᠠᠭ᠎ᠠ ᠳᠠᠭᠤᠰᠣᠭᠰᠠᠨ ᠠᠴᠠ ᠪᠣᠯᠣᠭᠠᠣᠨ | ᠲᠤᠰᠢᠶᠠᠪᠠᠰᠤ ᠵᠣᠬᠢᠬᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢᠶᠠᠨ ᠲᠤᠰᠢᠶᠠᠵᠤ ᠳᠠᠭᠤᠰᠬᠠᠬᠤ ᠶᠢᠨ | ᠬᠠᠮᠲᠤ᠂ 30 ᠡᠳᠦᠷ ᠤᠨ ᠳᠣᠲᠣᠷ᠎ᠠ ᠡᠮᠴᠢᠯᠡᠭᠡᠨ ᠤ ᠳᠠᠭᠠᠳᠬᠠᠯ ᠤᠨ ᠶᠠᠪᠤᠳᠠᠯ ᠢ ᠭᠠᠷᠳᠠᠨ ᠭᠦᠢᠴᠡᠳᠬᠡᠬᠦ | ᠴᠣᠩᠬᠤᠪᠴᠢ ᠳᠤ ᠬᠦᠷᠴᠦ ᠰᠢᠯᠵᠢᠭᠦᠯᠬᠦ᠂ ᠬᠦᠴᠦᠨ ᠥᠭᠡᠢ ᠪᠣᠯᠭᠠᠬᠤ ᠵᠡᠷᠭᠡ ᠭᠠᠷᠳᠠᠮ ᠭᠦᠢᠴᠡᠳᠬᠡᠬᠦ ᠬᠡᠷᠡᠭᠲᠡᠶ᠃ | ᠬᠡᠷᠪᠡ ᠴᠠᠭ ᠲᠤᠬᠠᠶ ᠳᠤ ᠨᠢ ᠭᠦᠢᠴᠡᠣᠡᠭᠡᠭᠦ ᠦᠭᠡᠢ ᠪᠣᠯ ᠪᠤᠢ ᠪᠦᠬᠦᠢ ᠡᠮᠴᠢᠯᠡᠭᠡᠨ ᠤ ᠵᠠᠷᠤᠳᠠᠯ ᠢ ᠣᠣᠯ ᠤᠨ | ᠨᠢᠭᠡᠴᠢ ᠠᠴᠠ ᠡᠭᠦᠷᠭᠡᠯᠡᠨ᠎ᠡ᠃ | ᠠᠷᠪᠠᠳᠤᠭᠠᠷ ᠵᠦᠢᠯ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠬᠠᠰᠤᠵᠤ ᠬᠡᠯᠲᠦᠷᠢᠭᠦᠯᠵᠦ | ᠪᠣᠯᠬᠤ ᠦᠭᠡᠢ᠂ ᠶᠠᠮᠠᠷᠪᠠ ᠨᠢᠭᠡᠴᠢ ᠪᠠ ᠬᠤᠪᠢ ᠬᠥᠮᠦᠨ ᠬᠡᠳ ᠶᠠᠮᠠᠷ ᠨᠢᠭᠡᠨ ᠰᠢᠯᠲᠠᠭᠠᠨ ᠢᠶᠠᠷ ᠲᠤᠰᠢᠶᠠᠬᠤ ᠶᠢ | ᠲᠡᠪᠴᠢᠬᠦ ᠪᠤᠶᠤ ᠳᠤᠲᠠᠭᠤ ᠲᠤᠰᠢᠶᠠᠵᠤ ᠪᠣᠯᠬᠤ ᠦᠭᠡᠢ᠃ | ᠠᠷᠪᠠᠨ ᠨᠢᠭᠡᠳᠦᠭᠡᠷ ᠵᠦᠢᠯ ᠦᠨᠳᠦᠰᠦᠨ ᠡᠮᠴᠢᠯᠡᠭᠡᠨ ᠤ ᠳᠠᠭᠠᠳᠬᠠᠯ ᠳᠤ ᠨᠡᠶᠢᠭᠡᠮ ᠠᠴᠠ ᠨᠢᠭᠡᠳᠦᠯᠲᠡᠶ | ᠲᠥᠯᠥᠪᠯᠡᠬᠦ ᠪᠠ ᠬᠤᠪᠢ ᠬᠥᠮᠦᠨ ᠤ ᠳᠠᠩᠰᠠᠨ ᠡᠷᠦᠭᠡ ᠶᠢ ᠤᠶᠠᠯᠳᠤᠭᠤᠯᠬᠤ ᠠᠷᠭ᠎ᠠ ᠶᠢ ᠬᠡᠷᠡᠭᠵᠢᠭᠦᠯᠦᠨ᠎ᠡ᠃ | ᠳᠠᠭᠠᠳᠬᠠᠯ ᠳᠤ ᠣᠷᠣᠯᠴᠠᠭᠰᠠᠳ ᠤᠨ ᠲᠤᠰᠢᠶᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ | ᠪᠦ᠋ᠬᠦᠨ ᠢ ᠬᠤᠪᠢ ᠬᠥᠮᠦᠨ ᠤ ᠲᠠᠩᠰᠠᠨ ᠡᠷᠦᠬᠡ ᠳᠤ ᠪᠤᠳᠤᠵᠤ ᠣᠷᠣᠭᠤᠯᠤᠨ᠎ᠠ᠂ ᠳᠠᠭᠠᠳᠬᠠᠯ ᠳᠤ ᠣᠷᠣᠯᠴᠠᠭᠰᠠᠨ | ᠨᠢᠭᠡᠴᠢ ᠶᠢᠨ ᠲᠤᠰᠢᠶᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠪᠦᠬᠦᠨ ᠢ ᠨᠢᠭᠡᠳᠦᠯᠲᠡᠶ | ᠲᠦᠯᠦᠪᠯᠡᠬᠦ ᠰᠠᠭᠤᠷᠢ ᠮᠥᠩᠭᠦ ᠪᠠᠶᠢᠭᠤᠯᠬᠤ ᠳᠤ ᠬᠡᠷᠡᠭᠯᠡᠨ᠎ᠡ᠃ | ᠠᠷᠪᠠᠨ ᠬᠤᠶᠠᠳᠤᠭᠠᠷ ᠵᠦᠢᠯ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠬᠤᠪᠢ ᠬᠥᠮᠦᠨ ᠤ ᠲᠠᠩᠰᠠᠨ | ᠡᠷᠦᠬᠡ ᠳᠤ᠂ ᠲᠣᠰ ᠬᠥᠮᠦᠨ ᠤ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠬᠤ ᠰᠠᠭᠤᠷᠢ ᠲᠤᠭ᠎ᠠ ᠶᠢᠨ | 2% ᠢᠶᠠᠷ ᠲᠤᠰᠢᠶᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠪᠤᠳᠤᠵᠤ ᠣᠷᠣᠭᠤᠯᠤᠨ᠎ᠠ᠃ | ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠳᠤ᠂ 2021 ᠣᠨ ᠤ ᠪᠥᠬᠦ | ᠣᠷᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠤᠮᠳᠠᠴᠢ ᠮᠥᠩᠭᠦ ᠪᠠᠷ ᠰᠠᠭᠤᠷᠢ ᠲᠤᠭ᠎ᠠ ᠪᠣᠯᠭᠠᠵᠤ᠂ | 2% ᠤᠨ ᠬᠠᠷᠢᠴᠠᠯ ᠢᠶᠠᠷ ᠲᠣᠭᠲᠠᠭᠰᠠᠨ ᠨᠣᠷᠮ᠎ᠠ ᠪᠠᠷ ᠬᠤᠪᠢ ᠬᠥᠮᠦᠨ ᠤ ᠲᠠᠩᠰᠠᠨ ᠡᠷᠦᠬᠡ ᠳᠤ ᠨᠢ ᠬᠤᠪᠢᠶᠠᠷᠢᠯᠠᠨ | ᠣᠷᠣᠭᠤᠯᠤᠨ᠎ᠠ᠃ | ᠠᠷᠪᠠᠨ ᠭᠤᠷᠪᠠᠳᠤᠭᠠᠷ ᠵᠦᠢᠯ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠦᠯᠦᠪᠯᠡᠬᠦ | ᠰᠠᠭᠤᠷᠢ ᠮᠥᠩᠭᠦ ᠪᠠ ᠬᠤᠪᠢ ᠬᠥᠮᠦᠨ ᠤ ᠳᠠᠩᠰᠠᠨ ᠡᠷᠦᠬᠡ ᠶᠢᠨ ᠥᠪᠡᠷ ᠥᠪᠡᠷᠰᠡᠳ ᠤᠨ ᠬᠢᠨ ᠲᠥᠯᠥᠬᠦ | ᠬᠡᠪᠴᠢᠶ᠎ᠡ ᠪᠠᠨ ᠬᠤᠪᠢᠶᠠᠷᠢᠯᠠᠨ ᠰᠠᠯᠭᠠᠵᠣ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ | ᠲᠡᠩᠴᠡᠭᠦᠷᠢᠰᠢᠭᠦᠯᠬᠦ᠂ ᠪᠠᠭ᠎ᠠ ᠰᠠᠭ᠎ᠠ ᠦᠯᠡᠳᠡᠪᠦᠷᠢ ᠲᠠᠢ ᠪᠠᠶᠢᠯᠭᠠᠬᠤ ᠵᠠᠷᠴᠢᠮ ᠶᠣᠰᠣᠭᠠᠷ ᠰᠠᠯᠭᠠᠨ ᠬᠠᠮᠢᠶᠠᠷᠴᠤ᠂ | ᠲᠤᠰ ᠲᠤᠰ ᠲᠤ ᠨᠢ ᠲᠣᠭᠠᠴᠠᠭ᠎ᠠ ᠬᠢᠵᠣ᠂ ᠬᠠᠷᠢᠯᠴᠠᠨ ᠰᠢᠬᠠᠨ ᠡᠵᠡᠯᠡᠵᠦ ᠪᠣᠯᠬᠤ ᠦᠭᠡᠢ᠃ | ᠠᠷᠪᠠᠨ ᠳᠥᠷᠪᠡᠳᠦᠭᠡᠷ ᠵᠦᠢᠯ ᠬᠤᠪᠢ ᠬᠥᠮᠦᠨ ᠤ ᠲᠠᠩᠰᠠᠨ ᠡᠷᠦᠭᠡ ᠶᠢ ᠭᠤᠣᠯᠳᠠᠭᠤ ᠳᠣᠣᠷᠠᠬᠢ ᠵᠦᠢᠯᠡᠰ ᠢ | ᠲᠦᠯᠦᠬᠦ ᠳᠤ ᠬᠡᠷᠡᠭᠯᠡᠨ᠎ᠡ᠄ | ︵ᠨᠢᠭᠡ︶ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠭᠦᠰᠦᠭᠰᠡᠨ ᠬᠤᠯᠪᠣᠭᠳᠠᠯ ᠪᠦᠬᠦᠢ | ᠲᠦᠷᠦ ᠶᠢᠨ ᠪᠤᠳᠤᠯᠭ᠎ᠠ ᠶᠢᠨ ᠲᠣᠭᠲᠠᠭᠠᠯ ᠤᠨ ᠬᠡᠪᠴᠢᠶᠡᠨ ᠳᠤ ᠨᠡᠶᠢᠴᠡᠭᠰᠡᠨ ᠡᠮ ᠡᠮᠨᠡᠯᠭᠡ ᠶᠢᠨ ᠵᠠᠷᠤᠳᠠᠯ︔ | ︵ᠬᠤᠶᠠᠷ︶ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠡᠬᠢᠯᠡᠵᠦ ᠲᠦᠯᠣᠭᠦ ᠪᠠᠷᠢᠮᠵᠢᠶ᠎ᠠ ᠠᠴᠠ | ᠳᠣᠷᠣᠭᠰᠢᠬᠢ ᠡᠮᠴᠢᠯᠡᠭᠡᠨ ᠤ ᠵᠠᠷᠤᠳᠠᠯ︔ | ︵ᠭᠤᠷᠪᠠ︶ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠡᠬᠢᠯᠡᠵᠦ ᠲᠦᠯᠣᠭᠦ ᠪᠠᠷᠢᠮᠵᠢᠶ᠎ᠠ ᠠᠴᠠ | ᠳᠡᠭᠡᠭᠰᠢ᠂ ᠲᠦᠯᠦᠵᠦ ᠥᠭᠬᠦ ᠬᠠᠮᠤᠭ ᠤᠨ ᠶᠡᠭᠡ ᠬᠢᠵᠠᠭᠠᠷ ᠲᠤᠭ᠎ᠠ ᠠᠴᠠ ᠳᠣᠷᠣᠭᠰᠢᠬᠢ ᠬᠤᠪᠢ ᠬᠥᠮᠦᠨ ᠤ | ᠡᠭᠦᠷᠭᠡᠯᠡᠬᠦ ᠡᠮᠴᠢᠯᠡᠭᠡᠨ ᠤ ᠵᠠᠷᠤᠳᠠᠯ᠃ ᠬᠤᠪᠢ ᠬᠥᠮᠦᠨ ᠤ ᠲᠠᠩᠰᠠᠨ ᠡᠷᠤᠭᠡ ᠶᠢᠨ ᠲᠦᠯᠤᠵᠤ ᠭᠦᠢᠴᠡᠬᠦ ᠦᠭᠡᠢ | ᠬᠡᠰᠡᠭ ᠢ ᠲᠤᠰ ᠬᠥᠮᠦᠨ ᠨᠢ ᠪᠡᠯᠡᠨ ᠵᠣᠭᠤᠰ ᠢᠶᠠᠷ ᠥᠪᠡᠷ ᠢᠶᠠᠨ ᠲᠦᠯᠦᠨ᠎ᠠ︔ | ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠬᠤᠪᠢ ᠬᠥᠮᠦᠨ ᠤ ᠲᠠᠩᠰᠠᠨ | ᠡᠷᠦᠬᠡ ᠪᠠᠷ ᠳᠥᠯᠥᠵᠦ ᠪᠣᠯᠬᠤ ᠪᠤᠰᠤᠳ ᠵᠠᠷᠤᠳᠠᠯ᠃ | ᠠᠷᠪᠠᠨ ᠲᠠᠪᠤᠳᠤᠭᠠᠷ ᠵᠦᠢᠯ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢ ᠭᠤᠣᠯᠳᠠᠭᠤ ᠳᠠᠭᠠᠳᠬᠠᠯ ᠳᠤ | ᠣᠷᠣᠯᠴᠠᠭᠰᠠᠨ ᠡᠪᠡᠳᠴᠢᠲᠡᠨ ᠤ ᠡᠮᠨᠡᠯᠭᠡ ᠳᠤ ᠰᠠᠭᠤᠬᠤ᠂ ᠪᠠᠴᠢᠮ ᠠᠪᠤᠷᠠᠯᠳᠠ ᠬᠢᠬᠦ᠂ ᠵᠥᠪᠰᠢᠶᠡᠷᠡᠭᠦᠯᠦᠭᠰᠡᠨ | ᠡᠭᠦᠳᠡᠨ ᠡᠮᠨᠡᠯᠭᠡ ᠶᠢᠨ ᠣᠨᠴᠠᠭᠠᠢ ᠠᠷᠬᠠᠭ ᠡᠪᠡᠳᠴᠢᠨ ᠪᠠ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠬᠦ ᠡᠮ᠂ | ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠦᠯᠦᠪᠯᠡᠬᠦ ᠵᠡᠷᠭᠡ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ ᠶᠢᠨ | ᠲᠣᠭᠲᠠᠭᠠᠭᠰᠠᠨ ᠬᠡᠪᠴᠢᠶᠡᠨ ᠳᠤ ᠨᠡᠶᠢᠴᠡᠬᠦ ᠡᠮᠴᠢᠯᠡᠭᠡᠨ ᠤ ᠵᠠᠷᠤᠳᠠᠯ ᠢ ᠲᠥᠯᠥᠬᠦ ᠳᠤ ᠬᠡᠷᠡᠭᠯᠡᠨ᠎ᠡ᠃ | ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠬᠡᠷᠡᠭᠯᠡᠬᠦ ᠬᠡᠪᠴᠢᠶ᠎ᠡ᠂ | ᠣᠨᠣᠰᠢᠯᠠᠨ ᠡᠮᠨᠡᠬᠦ ᠲᠥᠷᠥᠯ ᠵᠦᠢᠯ ᠪᠠ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠬᠡᠪᠴᠢᠶ᠎ᠡ ᠠᠴᠠ | ᠳᠠᠪᠠᠭᠰᠠᠨ ᠵᠠᠷᠤᠳᠠᠯ ᠢ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠠᠴᠠ ᠲᠦᠯᠦᠬᠦ ᠥᠬᠡᠶ᠃ ᠨᠢᠭᠡᠳᠦᠯᠲᠡᠶ | ᠲᠦᠯᠦᠪᠯᠡᠭᠰᠡᠨ ᠰᠠᠭᠤᠷᠢ ᠮᠥᠩᠭᠦ ᠶᠢᠨ ᠨᠢᠭᠡ ᠵᠢᠯ ᠤᠨ ᠳᠣᠲᠣᠷ᠎ᠠ ᠳᠥᠯᠥᠵᠦ ᠳᠡᠶᠢᠯᠬᠦ ᠡᠮᠴᠢᠯᠡᠭᠡᠨ ᠤ ᠵᠠᠷᠤᠳᠠᠯ ᠤᠨ | ᠬᠠᠮᠤᠭ ᠤᠨ ᠶᠡᠭᠡ ᠬᠢᠵᠠᠭᠠᠷ ᠲᠤᠭ᠎ᠠ ᠨᠢ 20.5 ᠲᠦᠮᠡᠨ ᠲᠥᠭᠦᠷᠢᠭ ᠪᠣᠯᠤᠨ᠎ᠠ᠃ | ᠠᠷᠪᠠᠨ ᠵᠢᠷᠭᠤᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠨᠢᠭᠡ ᠵᠢᠯ ᠤᠨ ᠳᠣᠲᠣᠷ᠎ᠠ ᠠᠩᠬ᠎ᠠ ᠤᠳᠠᠭ᠎ᠠ ᠡᠮᠨᠡᠯᠭᠡ ᠳᠤ ᠰᠠᠭᠤᠬᠤ ᠪᠤᠶᠤ ᠪᠠᠴᠢᠮ ᠠᠪᠤᠷᠠᠯᠳᠠ | ᠬᠢᠬᠦ ᠳᠤ᠂ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠡᠬᠢᠯᠡᠵᠦ ᠳᠥᠯᠥᠬᠦ ᠪᠠᠷᠢᠮᠵᠢᠶ᠎ᠠ ᠨᠢ᠄ ᠭᠤᠷᠪᠠᠳᠤᠭᠠᠷ | ᠳᠡᠰ ᠤᠨ ᠬᠥᠬᠡ ᠲᠠᠰ᠂ ᠣᠨᠴᠠ ᠲᠠᠰ ᠤᠨ ᠡᠮᠨᠡᠯᠭᠡ ᠶᠢᠨ ᠬᠤᠷᠢᠶ᠎ᠠ ᠨᠢ 600 ᠲᠥᠭᠦᠷᠢᠭ᠂ ᠭᠤᠷᠪᠠᠳᠤᠭᠠᠷ | ᠳᠡᠰ ᠤᠨ ᠬᠥᠬᠡᠭᠴᠢᠨ ᠲᠠᠰ᠂ ᠤᠯᠠᠭᠠᠨ ᠲᠠᠰ᠂ ᠲᠠᠰ ᠥᠬᠡᠶ ᠡᠮᠨᠡᠯᠭᠡ ᠶᠢᠨ ᠬᠤᠷᠢᠶ᠎ᠠ ᠨᠢ 400 ᠲᠥᠭᠦᠷᠢᠭ᠂ | ᠬᠤᠶᠠᠳᠤᠭᠠᠷ ᠳᠡᠰ ᠤᠨ ᠬᠥᠬᠡ ᠲᠠᠰ ᠵᠢᠴᠢ ᠲᠡᠭᠦᠨ ᠠᠴᠠ ᠳᠣᠷᠣᠭᠰᠢᠬᠢ ᠡᠮᠨᠡᠯᠭᠡ ᠶᠢᠨ ᠬᠤᠷᠢᠶ᠎ᠠ ᠨᠢ 300 | ᠲᠥᠭᠦᠷᠢᠭ ᠪᠣᠯᠤᠨ᠎ᠠ᠃ ᠨᠢᠭᠡ ᠵᠢᠯ ᠤᠨ ᠳᠣᠲᠣᠷ᠎ᠠ ᠣᠯᠠᠨ ᠤᠳᠠᠭ᠎ᠠ ᠡᠮᠨᠡᠯᠭᠡ ᠳᠤ ᠰᠠᠭᠤᠭᠰᠠᠳ ᠤᠨ ᠬᠤᠶᠠᠳᠠᠬᠢ | ᠤᠳᠠᠭ᠎ᠠ ᠡᠮᠨᠡᠯᠭᠡ ᠳᠤ ᠰᠠᠭᠤᠭᠰᠠᠨ ᠠᠴᠠ ᠡᠬᠢᠯᠡᠵᠦ ᠳᠥᠯᠥᠬᠦ ᠪᠠᠷᠢᠮᠵᠢᠶ᠎ᠠ ᠶᠢ ᠠᠩᠬ᠎ᠠ ᠤᠳᠠᠭ᠎ᠠ ᠡᠮᠨᠡᠯᠭᠡ ᠳᠤ | ᠰᠠᠭᠤᠭᠰᠠᠨ ᠠᠴᠠ ᠡᠬᠢᠯᠡᠵᠦ ᠳᠥᠯᠥᠬᠦ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠳᠡᠰ ᠳᠠᠷᠠᠭᠠᠯᠠᠨ 20% ᠪᠠᠷ | ᠪᠠᠭᠤᠷᠠᠭᠤᠯᠤᠨ᠎ᠠ᠂ ᠭᠡᠪᠡᠴᠦ ᠬᠠᠮᠤᠭ ᠤᠨ ᠪᠠᠭ᠎ᠠ ᠳᠤ ᠪᠠᠨ ᠲᠣᠰ ᠲᠣᠰ 400᠂ 300᠂ 200 ᠲᠥᠭᠦᠷᠢᠭ ᠠᠴᠠ | ᠳᠣᠤᠷ᠎ᠠ ᠪᠠᠶᠢᠯᠭᠠᠵᠤ ᠪᠣᠯᠬᠤ ᠥᠬᠡᠶ᠃ | ᠲᠦᠷᠭᠡᠨ ᠡᠮᠨᠡᠯᠭᠡ ᠠᠴᠠ ᠰᠢᠭᠤᠳ ᠰᠢᠯᠵᠢᠭᠦᠯᠵᠦ ᠡᠮᠨᠡᠯᠭᠡ ᠳᠤ ᠰᠠᠭᠤᠯᠭᠠᠨ ᠡᠮᠨᠡᠭᠦᠯᠦᠭᠰᠡᠨ ᠪᠣᠯ᠂ ᠡᠬᠢᠯᠡᠵᠦ | ᠲᠦᠯᠦᠬᠦ ᠬᠢᠵᠠᠭᠠᠷ ᠱᠤᠭᠤᠮ ᠢᠶᠠᠷ ᠨᠢ ᠨᠠᠶᠢᠯᠡᠭᠦᠯᠦᠨ ᠪᠤᠳᠤᠵᠤ ᠰᠠᠭᠤᠯᠭᠠᠨ ᠬᠠᠰᠤᠨ᠎ᠠ᠃ | ᠠᠷᠪᠠᠨ ᠳᠣᠯᠣᠳᠤᠭᠠᠷ ᠵᠦᠢᠯ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠳ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠭᠰᠠᠨ ᠣᠷᠣ ᠶᠢᠨ | ᠵᠠᠷᠤᠳᠠᠯ ᠤᠨ ᠨᠢᠭᠡᠳᠦᠯᠲᠡᠶ ᠲᠦᠯᠣᠪᠯᠡᠭᠦ ᠳᠤ ᠣᠷᠣᠭᠤᠯᠬᠤ ᠬᠡᠰᠡᠭ ᠢ ᠬᠠᠮᠤᠭ ᠤᠨ ᠢᠯᠡᠭᠦᠦ ᠳᠤ ᠪᠠᠨ ᠳᠣᠣᠷᠠᠬᠢ | ᠪᠠᠷᠢᠮᠵᠢᠶ᠎ᠠ ᠠᠴᠠ ᠬᠡᠲᠦᠷᠡᠭᠦᠯᠵᠦ ᠪᠣᠯᠬᠤ ᠦᠭᠡᠢ᠄ | ︵ᠨᠢᠭᠡ︶ ᠡᠩ ᠤᠨ ᠡᠪᠡᠳᠴᠢᠲᠡᠨ ᠤ ᠦᠷᠦᠭᠡ ᠳᠤ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ | ᠡᠳᠦᠷ ᠪᠦᠷᠢ 40 ᠲᠥᠭᠦᠷᠢᠭ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠡᠳᠦᠷ ᠪᠦᠷᠢ 30 ᠲᠥᠭᠦᠷᠢᠭ᠂ | ᠨᠢᠭᠡᠳᠦᠭᠡᠷ ᠳᠡᠰ ᠤᠨ ᠡᠮᠨᠡᠯᠭᠡ ᠶᠢᠨ ᠬᠤᠷᠢᠶ᠎ᠠ ᠡᠳᠦᠷ ᠪᠦᠷᠢ 20 ᠲᠥ᠋ᠭᠦᠷᠢᠭ︔ | ︵ᠬᠤᠶᠠᠷ︶ ᠡᠮᠴᠢᠯᠡᠭᠡᠨ ᠤ ᠬᠠᠷᠠᠭᠠᠯᠵᠠᠯ ᠭᠥᠷᠳᠡᠭᠰᠡᠳ ᠡᠳᠦᠷ ᠪᠦᠷᠢ 100 ᠲᠥᠭᠦᠷᠢᠭ︔ | ︵ᠭᠤᠷᠪᠠ︶ ᠪᠤᠰᠤᠳ ᠡᠪᠡᠳᠴᠢᠲᠡᠨ ᠤ ᠥᠷᠥᠭᠡ ᠳᠤ᠂ ᠡᠪᠡᠳᠴᠢᠲᠡᠨ ᠤ ᠣᠷᠣ ᠶᠢᠨ ᠵᠠᠷᠤᠳᠠᠯ ᠢ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠣᠭᠲᠠᠭᠠᠭᠰᠠᠨ ᠪᠠᠷᠢᠮᠵᠢᠶ᠎ᠠ ᠶᠣᠰᠣᠭᠠᠷ | ᠬᠡᠷᠡᠭᠵᠢᠭᠦᠯᠦᠨ᠎ᠡ᠃ | ᠣᠷᠣ ᠶᠢᠨ ᠵᠠᠷᠤᠳᠠᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠡᠮᠨᠡᠯᠭᠡ ᠳᠤ ᠰᠠᠭᠤᠭᠰᠠᠨ | ᠪᠣᠳᠠᠲᠠᠶ ᠡᠪᠡᠳᠴᠢᠲᠡᠨ ᠤ ᠣᠷᠣ ᠶᠢᠨ ᠵᠠᠷᠤᠳᠠᠯ ᠨᠢ ᠲᠣᠭᠲᠠᠭᠠᠭᠰᠠᠨ ᠲᠦᠯᠦᠬᠦ ᠪᠠᠷᠢᠮᠵᠢᠶ᠎ᠠ ᠠᠴᠠ ᠦᠨᠳᠣᠷ ᠪᠠᠶᠢᠪᠡᠯ᠂ | ᠲᠣᠭᠲᠠᠭᠠᠯ ᠶᠣᠰᠣᠭᠠᠷ ᠲᠦᠯᠦᠨ᠎ᠡ︔ ᠲᠣᠭᠲᠠᠭᠠᠭᠰᠠᠨ ᠲᠦᠯᠦᠬᠦ ᠪᠠᠷᠢᠮᠵᠢᠶ᠎ᠠ ᠠᠴᠠ ᠲᠣᠣᠷ᠎ᠡ ᠪᠠᠶᠢᠪᠡᠯ᠂ ᠪᠣᠳᠠᠲᠠᠶ | ᠵᠠᠷᠤᠳᠠᠯ ᠢᠶᠠᠷ ᠨᠢ ᠲᠦᠯᠦᠨ᠎ᠡ᠃ | ᠠᠷᠪᠠᠨ ᠨᠠᠢᠮᠠᠳᠤᠭᠠᠷ ᠵᠦᠢᠯ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠡᠬᠢᠯᠡᠵᠦ ᠳᠥᠯᠥᠬᠦ | ᠪᠠᠷᠢᠮᠵᠢᠶ᠎ᠠ ᠠᠴᠠ ᠳᠡᠭᠡᠭᠰᠢ᠂ ᠬᠠᠮᠤᠭ ᠶᠡᠭᠡ ᠳᠥᠯᠥᠬᠦ ᠬᠢᠵᠠᠭᠠᠷ ᠲᠤᠭ᠎ᠠ ᠠᠴᠠ ᠳᠣᠷᠣᠭᠰᠢᠬᠢ ᠬᠡᠰᠡᠭ ᠢ ᠨᠢᠭᠡᠳᠦᠯᠲᠡᠶ | ᠲᠦᠯᠦᠪᠯᠡᠭᠰᠡᠨ ᠰᠠᠭᠤᠷᠢ ᠮᠥᠩᠭᠦ ᠪᠣᠯᠤᠨ ᠳᠠᠭᠠᠳᠬᠠᠯ ᠳᠤ ᠣᠷᠣᠯᠴᠠᠭᠰᠠᠳ ᠠᠴᠠ ︽ᠬᠡᠰᠡᠭᠯᠡᠨ ᠪᠣᠳᠤᠵᠤ᠂ | ᠬᠤᠷᠠᠮᠳᠤᠭᠤᠯᠤᠨ ᠲᠦᠯᠦᠬᠦ︾ ᠠᠷᠭ᠎ᠠ ᠪᠠᠷ ᠬᠠᠷᠢᠴᠠᠯ ᠶᠣᠰᠣᠭᠠᠷ ᠳᠥᠯᠥᠨ᠎ᠡ᠃ | ᠡᠭᠦᠳᠡᠨ ᠡᠮᠨᠡᠯᠭᠡ ᠪᠠ ᠪᠠᠴᠢᠮ ᠡᠮᠴᠢᠯᠡᠭᠡ ︵ᠭᠤᠷᠪᠠᠨ ᠡᠳᠦᠷ ᠤᠨ ᠲᠤᠲᠣᠷ᠎ᠠ ᠪᠠᠷ ᠬᠢᠵᠠᠭᠠᠷᠯᠠᠨ᠎ᠠ ︶ ᠳᠤ | ᠡᠭᠦᠰᠦᠭᠰᠡᠨ ︽ᠭᠤᠷᠪᠠᠨ ᠭᠠᠷᠴᠠᠭ︾ ᠲᠤ ᠨᠠᠶᠢᠴᠡᠭᠦ ᠡᠮᠴᠢᠯᠡᠭᠡᠨ ᠤ ᠵᠠᠷᠤᠳᠠᠯ ᠤᠨ ᠨᠢᠭᠡᠳᠦᠯᠲᠡᠶ ᠲᠦᠯᠦᠪᠯᠡᠭᠰᠡᠨ | ᠰᠠᠭᠤᠷᠢ ᠮᠥᠩᠭᠦ ᠶᠢᠨ ᠳᠥᠯᠥᠬᠦ ᠬᠠᠷᠢᠴᠠᠯ ᠨᠢ 70% ᠪᠣᠯᠤᠨ᠎ᠠ︔ | ︵ᠬᠤᠶᠠᠷ︶ ᠬᠠᠮᠤᠭ ᠤᠨ ᠶᠡᠭᠡ ᠲᠥᠯᠥᠬᠦ ᠬᠢᠵᠠᠭᠠᠷ ᠲᠤᠭ᠎ᠠ ᠠᠴᠠ ᠳᠡᠭᠡᠭᠰᠢᠬᠢ ᠡᠮᠴᠢᠯᠡᠭᠡᠨ ᠤ ᠵᠠᠷᠤᠳᠠᠯ ᠢ | ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠪᠠᠶᠢᠭᠤᠯᠬᠤ ᠠᠷᠭ᠎ᠠ ᠪᠠᠷ ᠰᠢᠢᠳᠪᠦᠷᠢᠯᠡᠨ᠎ᠡ︔ | ︵ᠭᠤᠷᠪᠠ︶ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢᠨ | ᠡᠬᠢᠯᠡᠵᠦ ᠳᠥᠯᠥᠬᠦ ᠪᠠᠷᠢᠮᠵᠢᠶ᠎ᠠ᠂ ᠳᠥᠯᠥᠬᠦ ᠬᠠᠷᠢᠴᠠᠯ᠂ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠠᠵᠤ | ᠠᠬᠤᠶ ᠨᠡᠶᠢᠭᠡᠮ ᠤᠨ ᠬᠥᠭᠵᠢᠯᠲᠡ ᠪᠠ ᠡᠮᠴᠢᠯᠡᠭᠡᠨ ᠤ ᠬᠡᠷᠡᠭᠯᠡᠭᠡᠨ ᠤ ᠬᠢᠷᠢ ᠲᠦᠪᠰᠢᠨ ᠤ ᠬᠤᠪᠢᠷᠠᠯᠲᠠ ᠲᠠᠢ | ᠳᠠᠭᠠᠯᠳᠣᠭᠤᠯᠣᠨ ᠵᠣᠬᠢᠬᠤ ᠲᠤᠬᠢᠷᠠᠭᠤᠯᠤᠯᠲᠠ ᠬᠢᠵᠤ ᠪᠣᠯᠣᠨ᠎ᠠ︔ | ︵ᠳᠥᠷᠪᠡ︶ ᠳᠣᠤᠷ᠎ᠠ ᠵᠢᠭᠰᠠᠭᠠᠭᠰᠠᠨ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠳᠥᠯᠥᠬᠦ ᠬᠡᠪᠴᠢᠶᠡᠨ ᠳᠤ ᠣᠷᠣᠭᠤᠯᠬᠤ ᠥᠬᠡᠶ᠄ | 1. ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠠᠴᠠ ᠳᠥᠯᠥᠬᠦ ᠶᠣᠰᠣᠲᠠᠶ | ᠵᠠᠷᠤᠳᠠᠯ︔ | 2. ᠭᠤᠷᠪᠠᠳᠠᠬᠢ ᠬᠥᠮᠦᠨ ᠡᠭᠦᠷᠭᠡᠯᠡᠬᠦ ᠶᠣᠰᠣᠲᠠᠶ ᠵᠠᠷᠤᠳᠠᠯ︔ | 3. ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠠᠴᠠ ᠡᠭᠦᠷᠭᠡᠯᠡᠬᠦ ᠶᠣᠰᠣᠲᠠᠢ ᠵᠠᠷᠤᠳᠠᠯ︔ | 4. ᠬᠢᠯᠢ ᠶᠢᠨ ᠭᠠᠳᠠᠨ᠎ᠠ ᠡᠮᠨᠡᠭᠦᠯᠦᠭᠰᠡᠨ ᠵᠠᠷᠤᠳᠠᠯ︔ | 5. ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠤᠯᠲᠠ᠂ ᠪᠡᠶ᠎ᠡ ᠰᠤᠪᠢᠯᠠᠯᠲᠠ ᠡᠷᠡᠭᠦᠯᠵᠢᠯ ᠤᠨ ᠬᠡᠷᠡᠭᠯᠡᠭᠡ᠂ | ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ︔ | 6. ᠤᠯᠤᠰ ᠠᠴᠠ ᠲᠣᠭᠲᠠᠭᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ | ᠲᠥᠯᠥᠬᠦ ᠦᠭᠡᠢ ᠪᠤᠰᠤᠳ ᠵᠠᠷᠤᠳᠠᠯ᠃ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ | ᠪᠣᠯ᠂ ᠬᠠᠤᠯᠢ ᠪᠠᠷ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠲᠦᠷ ᠴᠠᠭ ᠤᠨ ᠲᠤᠬᠢᠷᠠᠭᠤᠯᠤᠯᠳᠠ | ᠬᠢᠵᠦ ᠪᠣᠯᠤᠨ᠎ᠠ᠃ | ᠡᠮᠴᠢᠯᠡᠭᠡᠨ ᠤ ᠵᠠᠷᠤᠳᠠᠯ ᠢ ᠬᠠᠤᠯᠢ ᠶᠣᠰᠣᠭᠠᠷ ᠭᠤᠷᠪᠠᠳᠠᠬᠢ ᠬᠥᠮᠦᠨ ᠡᠭᠦᠷᠭᠡᠯᠡᠬᠦ ᠶᠣᠰᠣᠲᠠᠢ ᠪᠠᠶᠢᠵᠤ᠂ | ᠭᠤᠷᠪᠠᠳᠠᠬᠢ ᠬᠥᠮᠦᠨ ᠲᠥᠯᠥᠬᠦ ᠦᠭᠡᠢ ᠪᠤᠶᠤ ᠭᠤᠷᠪᠠᠳᠠᠬᠢ ᠬᠥᠮᠦᠨ ᠢ ᠲᠣᠭᠲᠠᠭᠠᠬᠤ ᠶᠢᠨ ᠠᠷᠭ᠎ᠠ ᠦᠭᠡᠢ ᠪᠣᠯ᠂ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠤᠷᠢᠳ ᠢᠶᠠᠷ ᠲᠥᠯᠥᠨ᠎ᠡ᠃ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠤᠷᠢᠳ ᠢᠶᠠᠷ ᠲᠥᠯᠥᠭᠰᠡᠨ ᠤ ᠳᠠᠷᠠᠭ᠎ᠠ᠂ ᠭᠤᠷᠪᠠᠳᠠᠬᠢ | ᠬᠥᠮᠦᠨ ᠠᠴᠠ ᠲᠥᠯᠥᠪᠦᠷᠢ ᠨᠡᠬᠡᠮᠵᠢᠯᠡᠬᠦ ᠡᠷᠬᠡ ᠲᠠᠢ᠃ | ᠠᠷᠪᠠ ᠶᠢᠰᠦᠳᠦᠭᠡᠷ ᠵᠦᠢᠯ ᠮᠤᠵᠢ ᠠᠯᠤᠰᠯᠠᠨ ᠲᠦᠷ ᠴᠠᠭ ᠭᠠᠳᠠᠭᠰᠢ ᠭᠠᠷᠬᠤ ᠪᠠᠷ ᠪᠦᠷᠢᠳᠭᠡᠨ | ᠳᠠᠩᠰᠠᠯᠠᠭᠤᠯᠤᠭᠰᠠᠨ ᠬᠥᠮᠦᠰ ᠤᠨ ᠡᠪᠡᠳᠴᠢᠨ ᠦᠵᠡᠭᠦᠯᠦᠭᠰᠡᠨ ᠡᠮᠨᠡᠯᠭᠡ ᠶᠢᠨ ᠬᠤᠷᠢᠶ᠎ᠠ ᠨᠢ ᠣᠨᠳᠣᠤ ᠭᠠᠵᠠᠷ ᠲᠤ | ᠡᠮᠨᠡᠭᠦᠯᠬᠦ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ ᠲᠡᠭᠦᠨ ᠤ ᠡᠮᠨᠡᠯᠭᠡ ᠳᠤ ᠰᠠᠭᠤᠭᠰᠠᠨ | ᠡᠮᠴᠢᠯᠡᠭᠡᠨ ᠤ ᠵᠠᠷᠤᠳᠠᠯ ᠤᠨ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠳᠥᠯᠥᠬᠦ ᠬᠠᠷᠢᠴᠠᠯ ᠢ ᠠᠷᠪᠠᠨ | ᠨᠠᠢᠮᠠᠳᠤᠭᠠᠷ ᠵᠦᠢᠯ ᠤᠨ ᠲᠣᠭᠲᠠᠭᠠᠯ ᠤᠨ ᠰᠠᠭᠤᠷᠢᠨ ᠳᠡᠭᠡᠷ᠎ᠡ 5% ᠪᠠᠭᠤᠷᠠᠭᠤᠯᠤᠨ᠎ᠠ᠃ | ᠬᠤᠷᠢᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠬᠥᠬᠡᠭᠴᠢᠨ ᠲᠥᠷᠥᠯ ᠤᠨ ᠡᠮ ᠤᠨ ᠵᠦᠢᠯ ᠢ | ᠬᠡᠷᠡᠭᠯᠡᠭᠰᠡᠨ ᠪᠠ ᠦᠨᠳᠦᠰᠦᠨ ᠡᠮᠴᠢᠯᠡᠭᠡᠨ ᠤ ᠳᠠᠭᠠᠳᠬᠠᠯ ᠢᠶᠠᠷ ᠬᠡᠰᠡᠭ ᠵᠠᠷᠤᠳᠠᠯ ᠢ ᠳᠥᠯᠥᠵᠦ ᠣᠨᠣᠰᠢᠯᠠᠨ ᠡᠮᠨᠡᠬᠦ | ᠲᠥᠷᠥᠯ ᠵᠦᠢᠯ ᠢᠶᠠᠷ ᠡᠮᠨᠡᠭᠦᠯᠦᠭᠰᠡᠨ ᠳᠤ᠂ ᠲᠦᠷᠭᠡᠨ ᠠᠪᠤᠷᠬᠠᠤ᠂ ᠪᠠᠴᠢᠮ ᠠᠪᠤᠷᠬᠠᠤ ᠬᠤᠭᠤᠴᠠᠭᠠᠨ ᠳᠤ ᠡᠮᠴᠢ ᠶᠢᠨ | ᠵᠢᠭᠠᠪᠤᠷᠢ ᠪᠠᠷ ᠴᠢᠰᠤᠨ ᠤ ᠪᠦᠲᠦᠭᠡᠭᠳᠡᠬᠦᠨ᠂ ᠤᠭᠤᠷᠠᠭ ᠤᠨ ᠲᠥᠷᠥᠯ ᠤᠨ ᠪᠦᠲᠦᠭᠡᠭᠳᠡᠬᠦᠨ ᠢ ᠬᠡᠷᠡᠭᠯᠡᠭᠰᠡᠨ ᠪᠣᠯ᠂ | ᠲᠠᠷᠡ ᠬᠦ ᠵᠠᠷᠤᠳᠠᠯ ᠢ ᠴᠥᠮ ᠲᠣᠰ ᠬᠥᠮᠦᠨ ᠨᠢ ᠥᠪᠡᠷ ᠢᠶᠠᠨ 10% ᠶᠢ ᠨᠢ ᠬᠠᠷᠢᠭᠤᠴᠠᠵᠤ᠂ ᠦᠯᠡᠳᠡᠭᠰᠡᠨ | ᠬᠡᠰᠡᠭ ᠢ ᠨᠢ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠪᠠ ᠬᠤᠪᠢ ᠬᠥᠮᠦᠨ ᠲᠣᠭᠲᠠᠭᠠᠭᠰᠠᠨ ᠬᠠᠷᠢᠴᠠᠯ ᠢᠶᠠᠷ | ᠳᠥᠯᠥᠨ᠎ᠡ᠃ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠥᠪᠡᠷ ᠢᠶᠠᠨ ᠳᠥᠯᠥᠬᠦ ᠬᠠᠷᠢᠴᠠᠯ ᠢ ᠥᠪᠡᠷᠲᠡᠭᠡᠨ | ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ | ᠦᠯᠡᠳᠡᠭᠰᠡᠨ ᠬᠡᠰᠡᠭ ᠢ ᠨᠢ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠪᠠ ᠬᠤᠪᠢ ᠬᠥᠮᠦᠨ ᠲᠣᠭᠲᠠᠭᠠᠭᠰᠠᠨ | ᠬᠠᠷᠢᠴᠠᠯ ᠢᠶᠠᠷ ᠳᠥᠯᠥᠨ᠎ᠡ᠃ | ᠬᠤᠷᠢᠨ ᠨᠢᠭᠡᠳᠦᠭᠡᠷ ᠵᠦᠢᠯ ᠮᠤᠵᠢ ᠠᠯᠤᠰᠯᠠᠨ ᠣᠨᠳᠣᠤ ᠭᠠᠵᠠᠷ ᠲᠤ ᠣᠷᠳᠣ ᠬᠤᠭᠤᠴᠠᠭ᠎ᠠ ᠪᠠᠷ | ᠰᠠᠭᠤᠷᠢᠰᠢᠭᠰᠠᠳ ᠣᠨᠳᠣᠤ ᠭᠠᠵᠠᠷ ᠲᠤ ᠡᠮᠨᠡᠭᠦᠯᠬᠦ ᠪᠠᠷ ᠪᠦᠷᠢᠳᠭᠡᠨ ᠳᠠᠩᠰᠠᠯᠠᠭᠤᠯᠤᠭᠰᠠᠨ ᠤ ᠳᠠᠷᠠᠭ᠎ᠠ᠂ | ᠡᠮᠨᠡᠭᠦᠯᠣᠭ᠍ᠰᠡᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠵᠢᠴᠢ | ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠡᠮᠨᠡᠭᠦᠯᠵᠦ ᠡᠮ ᠵᠠᠯᠠᠵᠤ ᠪᠣᠯᠤᠨ᠎ᠠ᠃ | ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢᠶᠠᠨ ᠰᠠᠭᠤᠭᠰᠠᠨ ᠡᠮᠨᠡᠯᠭᠡ ᠶᠢᠨ ᠬᠤᠷᠢᠶᠠᠨ ᠳᠤ ᠪᠠᠨ ᠴᠠᠭ | ᠲᠤᠬᠠᠶ ᠳᠤ ᠨᠢ ᠳᠠᠩᠰᠠᠨ ᠠᠴᠠ ᠲᠠᠶᠢᠯᠤᠨ᠎ᠠ᠂ ᠳᠠᠩᠰᠠᠨ ᠠᠴᠠ ᠰᠢᠭᠤᠳ ᠲᠠᠶᠢᠯᠵᠤ ᠳᠡᠶᠢᠯᠦᠭᠰᠡᠨ ᠦᠭᠡᠢ | ᠡᠮᠴᠢᠯᠡᠭᠡᠨ ᠤ ᠵᠠᠷᠤᠳᠠᠯ ᠢ ᠲᠤᠰ ᠬᠥᠮᠦᠨ ᠨᠢ ᠣᠷᠣᠯᠠᠨ ᠥᠭᠭᠦᠨ᠎ᠡ᠂ ᠡᠮᠨᠡᠭᠦᠯᠵᠦ ᠳᠠᠭᠤᠰᠤᠭᠰᠠᠨ ᠤ ᠳᠠᠷᠠᠭ᠎ᠠ᠂ | ᠬᠦᠴᠦᠨ ᠪᠦᠬᠦᠢ ᠪᠠᠷᠢᠮᠲᠠ ᠪᠠᠨ ᠠᠪᠴᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠴᠣᠩᠬᠤᠪᠴᠢ ᠳᠤ | ᠬᠦᠷᠴᠦ ᠳᠠᠩᠰᠠ ᠲᠠᠶᠢᠯᠬᠤ ᠭᠠᠷᠳᠠᠮ ᠢ ᠭᠦᠢᠴᠡᠳᠭᠡᠨ᠎ᠡ᠃ | ᠬᠤᠷᠢᠨ ᠬᠤᠶᠠᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠮᠤᠵᠢ ᠠᠯᠤᠰᠯᠠᠨ ᠠᠯᠪᠠᠨ ᠠᠵᠢᠯ ᠢᠶᠠᠷ | ᠭᠠᠳᠠᠭᠰᠢ ᠭᠠᠷᠬᠤ ᠪᠤᠶᠤ ᠲᠦᠷᠦᠯ ᠰᠠᠳᠤᠨ ᠢᠶᠠᠨ ᠡᠷᠭᠢᠵᠦ ᠦᠵᠡᠬᠦ ᠬᠤᠭᠤᠴᠠᠭᠠᠨ ᠳᠤ ᠲᠦᠷᠭᠡᠨ ᠡᠪᠡᠳᠴᠢᠨ ᠳᠤ | ᠭᠡᠨᠡᠳᠲᠡ ᠨᠡᠷᠪᠡᠭᠳᠡᠪᠡᠯ᠂ ᠡᠭᠦᠰᠦᠭᠰᠡᠨ ᠡᠮᠴᠢᠯᠡᠭᠡᠨ ᠤ ᠵᠠᠷᠤᠳᠠᠯ ᠢ ᠬᠦᠴᠦᠨ ᠪᠦᠬᠦᠢ ᠪᠠᠷᠢᠮᠲᠠ᠂ ᠣᠨᠣᠰᠢᠯᠠᠭᠰᠠᠨ | ᠪᠢᠴᠢᠭ᠂ ᠡᠪᠡᠳᠴᠢᠨ ᠤ ᠲᠡᠦᠬᠡ ᠮᠠᠲ᠋ᠧᠷᠢᠶᠠᠯ ᠢᠶᠠᠨ ᠠᠪᠴᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ | ᠴᠣᠩᠬᠤᠪᠴᠢ ᠳᠤ ᠬᠦᠷᠴᠦ ᠳᠠᠩᠰᠠ ᠲᠠᠶᠢᠯᠬᠤ ᠭᠠᠷᠳᠠᠮ ᠢ ᠭᠦᠢᠴᠡᠳᠭᠡᠨ᠎ᠡ᠃ ᠡᠮᠨᠡᠯᠭᠡ ᠳᠤ ᠰᠠᠭᠤᠭᠰᠠᠨ | ᠡᠮᠴᠢᠯᠡᠭᠡᠨ ᠤ ᠵᠠᠷᠤᠳᠠᠯ ᠤᠨ ᠲᠠᠩᠰᠠ ᠲᠠᠶᠢᠯᠬᠤ ᠪᠠᠷᠢᠮᠵᠢᠶ᠎ᠠ ᠶᠢ ᠠᠷᠪᠠᠨ ᠨᠠᠢᠮᠠᠳᠤᠭᠠᠷ ᠵᠦᠢᠯ ᠤᠨ ᠰᠠᠭᠤᠷᠢᠨ ᠳᠡᠭᠡᠷ᠎ᠡ | 5% ᠪᠠᠷ ᠪᠠᠭᠤᠷᠠᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠬᠡᠪᠴᠢᠶᠠᠨ ᠳᠤ ᠠᠯᠪᠠᠨ ᠠᠵᠢᠯ ᠢᠶᠠᠷ ᠭᠠᠳᠠᠭᠰᠢ ᠭᠠᠷᠬᠤ᠂ ᠲᠥᠷᠥᠯ | ᠰᠠᠳᠤᠨ ᠢᠶᠠᠨ ᠡᠷᠭᠢᠵᠦ ᠦᠵᠡᠬᠦ ᠳᠤ ᠭᠡᠨᠡᠳᠲᠡ ᠶᠢᠨ ᠡᠪᠡᠳᠴᠢᠨ ᠳᠤ ᠨᠡᠷᠪᠡᠭᠳᠡᠭᠰᠡᠨ ᠳᠠᠭᠠᠳᠬᠠᠯ ᠳᠤ | ᠣᠷᠣᠯᠴᠠᠭᠰᠠᠳ ᠤᠨ ᠡᠮᠴᠢᠯᠡᠭᠡᠨ ᠤ ᠵᠠᠷᠤᠳᠠᠯ ᠢ ᠠᠷᠪᠠᠨ ᠨᠠᠢᠮᠠᠳᠤᠭᠠᠷ ᠵᠦᠢᠯ ᠤᠨ ᠲᠠᠩᠰᠠ ᠲᠠᠶᠢᠯᠬᠤ ᠬᠠᠷᠢᠴᠠᠯ ᠢᠶᠠᠷ | ᠭᠦᠢᠴᠡᠳᠬᠡᠨ᠎ᠡ᠃ ᠡᠭᠦᠰᠦᠭᠰᠡᠨ ᠡᠮᠴᠢᠯᠡᠭᠡᠨ ᠤ ᠵᠠᠷᠤᠳᠠᠯ ᠢ ᠬᠦᠴᠦᠨ ᠪᠦᠬᠦᠢ ᠪᠠᠷᠢᠮᠲᠠ᠂ ᠣᠨᠣᠰᠢᠯᠠᠭᠰᠠᠨ ᠪᠢᠴᠢᠭ᠂ | ᠡᠪᠡᠳᠴᠢᠨ ᠤ ᠲᠡᠦᠬᠡ ᠮᠠᠲ᠋ᠧᠷᠢᠶᠠᠯ ᠢᠶᠠᠨ ᠠᠪᠴᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ | ᠴᠣᠩᠬᠤᠪᠴᠢ ᠳᠤ ᠬᠦᠷᠴᠦ ᠳᠠᠩᠰᠠ ᠲᠠᠶᠢᠯᠬᠤ ᠭᠠᠷᠳᠠᠮ ᠢ ᠭᠦᠢᠴᠡᠳᠭᠡᠨ᠎ᠡ᠃ | ᠬᠤᠷᠢᠨ ᠭᠤᠷᠪᠠᠳᠤᠭᠠᠷ ᠵᠦᠢᠯ ᠳᠠᠭᠠᠳᠬᠠᠯ ᠳᠤ ᠣᠷᠣᠯᠴᠠᠭᠰᠠᠨ ᠨᠢᠭᠡᠴᠢ ︵ᠠᠮᠢᠳᠤᠯᠢᠭ ᠢᠶᠠᠷ ᠠᠵᠢᠯ | ᠣᠯᠤᠭᠰᠠᠳ︶ ᠨᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠳᠤ ᠦᠷᠢᠳᠣᠭ᠍ᠰᠡᠨ ᠪᠠᠶᠢᠪᠡᠯ᠂ ᠵᠠᠷᠤᠳᠠᠯ | ᠥᠷᠢᠲᠦᠭᠰᠡᠨ ᠲᠤᠰ ᠰᠠᠷ᠎ᠠ ᠠᠴᠠ ᠡᠬᠢᠯᠡᠨ ᠡᠭᠦᠰᠬᠡᠭᠰᠡᠨ ᠡᠮᠴᠢᠯᠡᠭᠡᠨ ᠤ ᠵᠠᠷᠤᠳᠠᠯ ᠢ ᠨᠢᠭᠡᠳᠦᠯᠲᠡᠶ ᠲᠦᠯᠦᠪᠯᠡᠭᠰᠡᠨ | ᠰᠠᠭᠤᠷᠢ ᠮᠥᠩᠭᠦ ᠠᠴᠠ ᠲᠦᠯᠦᠬᠦ ᠶᠢ ᠲᠦᠷ ᠵᠣᠭᠰᠣᠭᠠᠵᠤ᠂ ᠦᠷᠢᠳᠣᠭ᠍ᠰᠡᠨ ᠵᠠᠷᠤᠳᠠᠯ ᠢᠶᠠᠨ ᠨᠥᠬᠦᠵᠦ | ᠲᠤᠰᠢᠶᠠᠭᠰᠠᠨ ᠤ ᠳᠠᠷᠠᠭ᠎ᠠ ᠳᠠᠩᠰᠠ ᠲᠠᠶᠢᠯᠬᠤ ᠭᠠᠷᠳᠠᠮ ᠭᠦᠢᠴᠡᠳᠬᠡᠵᠦ ᠪᠣᠯᠤᠨ᠎ᠠ᠃ | ᠬᠤᠷᠢᠨ ᠳᠥᠷᠪᠡᠳᠦᠭᠡᠷ ᠵᠦᠢᠯ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠪᠠᠩᠬᠢ ᠶᠢᠨ | ᠬᠠᠳᠠᠭᠠᠯᠠᠮᠵᠢ ᠳᠤ ᠬᠦᠦ ᠮᠥᠩᠭᠦ ᠶᠢ ᠨᠢᠭᠡᠳᠦᠯᠲᠡᠶ ᠪᠤᠳᠤᠬᠤ ᠠᠷᠭ᠎ᠠ ᠶᠢ ᠬᠡᠷᠡᠭᠵᠢᠭᠦᠯᠦᠨ᠎ᠡ᠃ ᠣᠷᠣᠯᠭ᠎ᠠ ᠶᠢᠨ | ᠳᠠᠩᠰᠠᠨ ᠡᠷᠦᠬᠡ ᠪᠠ ᠵᠠᠷᠤᠯᠭ᠎ᠠ ᠶᠢᠨ ᠳᠠᠩᠰᠠᠨ ᠡᠷᠦᠬᠡ ᠳᠤ ᠬᠠᠳᠠᠭᠠᠯᠠᠭᠰᠠᠨ ᠬᠤᠭᠤᠴᠠᠭ᠎ᠠ ᠦᠭᠡᠶ ᠬᠠᠳᠠᠭᠠᠯᠠᠮᠵᠢ ᠳᠤ | ᠬᠠᠷᠠᠭᠠᠯᠵᠠᠯ ᠤᠨ ᠬᠦᠦ ᠮᠥᠩᠭᠦ ᠶᠢᠨ ᠨᠣᠷᠮ᠎ᠠ ᠶᠢ ᠬᠡᠷᠡᠭᠵᠢᠭᠦᠯᠵᠦ᠂ ᠭᠤᠷᠪᠠᠨ ᠰᠠᠷ᠎ᠠ ᠪᠠᠷ ᠪᠦᠬᠦᠯᠢ ᠪᠠᠷ ᠬᠠᠳᠠᠭᠠᠯᠠᠵᠤ | ᠪᠦᠬᠦᠯᠢ ᠪᠠᠷ ᠭᠠᠷᠭᠠᠨ ᠠᠪᠬᠤ ᠲᠣᠭᠲᠠᠮᠠᠯ ᠬᠤᠭᠤᠴᠠᠭᠠᠲᠤ ᠬᠠᠳᠠᠭᠠᠯᠠᠮᠵᠢ ᠶᠢᠨ ᠪᠠᠷᠢᠮᠵᠢᠶᠠᠲᠤ ᠬᠦᠦ ᠮᠥᠩᠭᠦ ᠶᠢᠨ | ᠨᠣᠷᠮ᠎ᠠ ᠪᠠᠷ ᠬᠦᠦ ᠮᠥᠩᠭᠦ ᠶᠢ ᠪᠤᠳᠤᠨ᠎ᠠ᠃ ᠡᠳ᠋ ᠤᠨ ᠵᠠᠰᠠᠭ ᠤᠨ ᠲᠤᠰᠬᠠᠶ ᠳᠠᠩᠰᠠᠨ ᠳᠤ ᠬᠠᠳᠠᠭᠠᠯᠠᠭᠰᠠᠨ | ᠬᠠᠳᠠᠭᠠᠯᠠᠮᠵᠢ ᠶᠢᠨ ᠬᠦᠦ ᠮᠥᠩᠭᠦ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠰᠠᠭᠤᠭᠠᠯᠢ ᠠᠷᠠᠳ ᠤᠨ | ᠬᠠᠳᠠᠭᠠᠯᠠᠮᠵᠢ ᠶᠢᠨ ᠬᠦᠦ ᠮᠥᠩᠭᠦ ᠶᠢᠨ ᠨᠣᠷᠮ᠎ᠠ ᠲᠠᠢ ᠬᠠᠷᠢᠴᠠᠭᠤᠯᠤᠨ ᠬᠠᠮᠢᠶᠠᠷᠤᠨ᠎ᠠ᠃ | ᠬᠤᠷᠢᠨ ᠲᠠᠪᠤᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠤᠨ ᠬᠤᠪᠢ ᠬᠥᠮᠦᠨ ᠤ ᠲᠠᠩᠰᠠᠨ | ᠡᠷᠦᠭᠡ ᠶᠢᠨ ᠡᠭᠡ ᠮᠥᠩᠭᠦ ᠪᠠ ᠬᠦᠦ ᠮᠥᠩᠭᠦ ᠪᠣᠯ ᠬᠤᠪᠢ ᠶᠢᠨ ᠥᠮᠴᠢ ᠪᠠᠶᠢᠵᠤ᠂ ᠲᠡᠭᠦᠨ ᠢ ᠳ᠋ᠦᠩᠨᠡᠨ | ᠰᠢᠯᠵᠢᠭᠦᠯᠦᠨ ᠬᠡᠷᠡᠭᠯᠡᠬᠦ ᠪᠠ ᠬᠠᠤᠯᠢ ᠶᠣᠰᠣᠭᠠᠷ ᠵᠠᠯᠭᠠᠮᠵᠢᠯᠠᠵᠤ ᠪᠣᠯᠤᠨ᠎ᠠ᠃ | ᠬᠤᠷᠢᠨ ᠵᠢᠷᠭᠤᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠡᠵᠡᠩᠨᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠬᠤ ᠡᠷᠬᠡ ᠲᠠᠢ᠂ ᠪᠠᠰᠠ | ᠳᠠᠭᠠᠳᠬᠠᠯ ᠳᠤ ᠣᠷᠣᠯᠴᠠᠭᠰᠠᠨ ᠨᠢᠭᠡᠴᠢ ᠪᠠ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ | ᠪᠠᠶᠢᠭᠤᠯᠤᠮᠵᠢ ᠠᠴᠠ ᠬᠤᠪᠢ ᠬᠥᠮᠦᠨ ᠤ ᠳᠠᠩᠰᠠᠨ ᠡᠷᠦᠬᠡ ᠶᠢᠨ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ ᠶᠢᠨ | ᠪᠠᠶᠢᠳᠠᠯ ᠢᠶᠠᠨ ᠪᠠᠶᠢᠴᠠᠭᠠᠨ ᠯᠠᠪᠯᠠᠬᠤ ᠡᠷᠬᠡ ᠲᠠᠢ᠃ | ᠬᠤᠷᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ | ᠬᠠᠮᠢᠶᠠᠷᠤᠯᠲᠠ ᠶᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠰᠠᠶᠢᠨ ᠳᠤᠷ᠎ᠠ ᠠᠴᠠ ᠪᠠᠨ ᠬᠥᠬᠡᠬᠤᠲᠠ ᠶᠢᠨ | ᠬᠤᠲᠠ ᠶᠢᠨ ᠲᠣᠭᠤᠷᠢᠭ ᠲᠠᠬᠢ ᠶᠠᠮᠠᠷᠪᠠ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠰᠣᠩᠭᠤᠵᠤ | ᠡᠪᠡᠳᠴᠢᠨ ᠦᠵᠡᠭᠦᠯᠵᠦ ᠡᠮ ᠵᠠᠯᠠᠵᠤ ᠪᠣᠯᠤᠨ᠎ᠠ᠃ | ᠬᠤᠷᠢᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠳᠠᠨ | ᠭᠦᠢᠴᠡᠳᠬᠡᠬᠦ ᠪᠠᠶᠢᠭᠤᠯᠤᠮᠵᠢ ᠠᠴᠠ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠳᠤ | ᠡᠮᠴᠢᠯᠡᠭᠡᠨ ᠤ ᠦᠢᠯᠡᠴᠢᠯᠡᠭᠡᠨ ᠤ ᠵᠥᠪᠯᠡᠯᠴᠡᠭᠡᠷ ᠤᠨ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ᠎ᠡ᠃ ᠴᠡᠭ | ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠢ ᠡᠮᠴᠢᠯᠡᠭᠡᠨ ᠤ ᠦᠢᠯᠡᠴᠢᠯᠡᠭᠡᠨ ᠤ ᠵᠥᠪᠯᠡᠯᠴᠡᠭᠡᠷ ᠵᠢᠴᠢ ᠬᠠᠮᠢᠶ᠎ᠠ | ᠪᠥᠬᠦᠶ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠬᠡᠷᠡᠭᠵᠢᠭᠦᠯᠵᠦ᠂ ᠡᠮᠴᠢᠯᠡᠭᠡᠨ ᠤ | ᠳᠠᠭᠠᠳᠬᠠᠯ ᠤᠨ ᠡᠪᠡᠳᠴᠢᠲᠡᠨ ᠡᠮᠨᠡᠯᠭᠡ ᠳᠤ ᠣᠷᠤᠭᠰᠠᠨ ᠤ ᠭᠤᠷᠪᠠᠨ ᠡᠳᠦᠷ ᠤᠨ ᠳᠣᠲᠣᠷ᠎ᠠ ᠡᠮᠴᠢᠯᠡᠭᠡᠨ ᠤ | ᠳᠠᠭᠠᠳᠬᠠᠯ ᠤᠨ ᠡᠮᠨᠡᠯᠭᠡ ᠳᠤ ᠰᠠᠭᠤᠬᠤ ᠳᠡᠩᠰᠡᠯᠡᠯᠲᠡ ᠶᠢ ᠭᠦᠢᠴᠡᠣᠡᠭᠡᠭᠦ ᠬᠡᠷᠡᠭᠲᠡᠶ᠂ ᠦᠷᠦᠬᠡᠯ ᠤᠨ ᠨᠡᠷ᠎ᠡ ᠪᠠᠷ | ᠡᠮᠨᠡᠯᠭᠡ ᠳᠤ ᠰᠠᠭᠤᠵᠤ ᠡᠮᠨᠡᠭᠦᠯᠬᠦ᠂ ᠨᠡᠷ᠎ᠡ ᠶᠢᠨ ᠲᠡᠳᠦᠢ ᠡᠮᠨᠡᠯᠭᠡ ᠳᠤ ᠰᠠᠭᠤᠵᠤ ᠡᠮᠨᠡᠭᠦᠯᠬᠦ᠂ ᠰᠠᠯᠭᠠᠵᠤ ᠳᠠᠬᠢᠨᠳᠠ | ᠡᠮᠨᠡᠯᠭᠡ ᠳᠤ ᠰᠠᠭᠤᠬᠤ ᠵᠡᠷᠭᠡ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠵᠤ᠂ ᠬᠠᠭᠤᠷᠮᠠᠭ ᠡᠮ᠂ ᠮᠠᠭᠤ ᠡᠮ | ᠬᠤᠳᠠᠯᠳᠤᠬᠤ᠂ ᠡᠮ ᠤᠨ ᠵᠦᠢᠯ ᠢ ᠰᠣᠯᠢᠯᠴᠠᠵᠤ ᠬᠤᠯᠢᠯᠳᠤᠭᠤᠯᠬᠤ ᠵᠢᠴᠢ ᠪᠡᠯᠡᠨ ᠵᠣᠭᠤᠰ ᠰᠣᠯᠢᠬᠤ ᠵᠡᠷᠭᠡ ᠦᠢᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ᠬᠤᠷᠢ ᠶᠢᠰᠦᠳᠦᠭᠡᠷ ᠵᠦᠢᠯ ᠡᠩ ᠤᠨ ᠡᠭᠦᠳᠡᠨ ᠡᠮᠨᠡᠯᠭᠡ ᠨᠢᠭᠡᠳᠦᠯᠲᠡᠶ ᠲᠦᠯᠣᠪᠯᠡᠭᠦ᠂ ᠡᠭᠦᠳᠡᠨ ᠡᠮᠨᠡᠯᠭᠡ ᠶᠢᠨ | ᠣᠨᠴᠠᠭᠠᠢ ᠠᠷᠬᠠᠭ ᠡᠪᠡᠳᠴᠢᠨ ᠪᠠ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠬᠦ ᠡᠮ ᠢ ᠬᠠᠮᠢᠶ᠎ᠠ ᠪᠥᠬᠦᠶ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ | ᠭᠤᠴᠢᠳᠤᠭᠠᠷ ᠵᠦᠢᠯ ᠮᠤᠵᠢ ᠶᠢᠨ ᠳᠡᠰ ᠤᠨ ᠺᠠᠳ᠋ᠷ᠂ ᠠᠵᠢᠯ ᠠᠴᠠ ᠪᠠᠨ ᠰᠠᠯᠵᠤ ᠠᠮᠠᠷᠠᠭᠰᠠᠳ᠂ ᠠᠬᠠᠮᠠᠳ ᠤᠯᠠᠭᠠᠨ | ᠴᠡᠷᠢᠭ ᠵᠢᠴᠢ ᠰᠣᠶᠣᠯ ᠤᠨ ᠶᠡᠭᠡ ᠬᠤᠪᠢᠰᠬᠠᠯ ᠤᠨ ᠳᠤᠮᠳᠠ ᠪᠦᠬᠦ ᠪᠡᠶ᠎ᠡ ᠨᠢ ᠵᠡᠮᠳᠡᠭ ᠪᠤᠯᠤᠭᠰᠠᠨ ᠬᠥᠮᠦᠰ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠦᠭᠡᠢ᠂ ᠬᠤᠯᠪᠣᠭᠳᠠᠯ ᠪᠦᠬᠦᠢ ᠬᠠᠷᠠᠭᠠᠯᠵᠠᠯ ᠢ ᠨᠢ | ᠬᠤᠪᠢᠷᠠᠭᠤᠯᠬᠤ ᠦᠭᠡᠢ᠂ ᠡᠮᠴᠢᠯᠡᠭᠡᠨ ᠤ ᠵᠠᠷᠤᠳᠠᠯ ᠢ ᠤᠤᠯ ᠤᠨ ᠪᠡᠯᠡ ᠮᠥᠩᠭᠦ ᠶᠢᠨ ᠠᠷᠭ᠎ᠠ ᠵᠠᠮ ᠢᠶᠠᠷ | ᠰᠢᠢᠳᠪᠦᠷᠢᠯᠡᠨ᠎ᠡ᠃ | ᠰᠣᠶᠣᠯ ᠤᠨ ᠶᠡᠭᠡ ᠬᠤᠪᠢᠰᠬᠠᠯ ᠳᠤ ᠦᠨᠳᠦᠰᠦᠨ ᠳᠤ ᠪᠠᠨ ᠵᠡᠮᠳᠡᠭ ᠪᠣᠯᠵᠤ ᠨᠢᠭᠡᠨᠲᠡ ᠠᠵᠢᠯ ᠠᠴᠠ ᠪᠠᠨ | ᠪᠠᠭᠤᠵᠤ ᠠᠮᠠᠷᠠᠭᠰᠠᠳ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠳᠤ᠂ ᠠᠵᠢᠯ ᠠᠴᠠ ᠪᠠᠨ ᠪᠠᠭᠤᠵᠤ | ᠠᠮᠠᠷᠠᠭᠰᠠᠳ ᠤᠨ ᠡᠬᠢᠯᠡᠵᠦ ᠳᠥᠯᠥᠬᠦ ᠪᠠᠷᠢᠮᠵᠢᠶ᠎ᠠ ᠶᠢᠨ ᠰᠠᠭᠤᠷᠢᠨ ᠳᠡᠭᠡᠷ᠎ᠡ 10% ᠪᠠᠷ ᠪᠠᠭᠤᠷᠠᠭᠤᠯᠤᠨ᠎ᠠ︔ ᠬᠤᠪᠢ | ᠬᠥᠮᠦᠨ ᠤ ᠲᠠᠩᠰᠠᠨ ᠡᠷᠦᠭᠡ ᠶᠢ ᠪᠠᠶᠢᠭᠤᠯᠬᠤ ᠳᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠠᠷᠭ᠎ᠠ ᠶᠢ | ᠬᠡᠷᠡᠭᠵᠢᠭᠦᠯᠵᠦ᠂ ᠥᠪᠡᠷ ᠢᠶᠠᠨ ᠲᠦᠯᠤᠬᠦ ᠬᠠᠷᠢᠴᠠᠯ ᠢ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠥᠪᠡᠷ ᠢᠶᠠᠨ | ᠲᠦᠯᠤᠬᠦ ᠬᠠᠷᠢᠴᠠᠯ ᠤᠨ ᠰᠠᠭᠤᠷᠢᠨ ᠳᠡᠭᠡᠷ᠎ᠡ ᠬᠤᠶᠠᠷ ᠵᠠᠭᠤᠨ ᠤ ᠴᠡᠭ ᠢᠶᠠᠷ ᠪᠠᠭᠤᠷᠠᠭᠤᠯᠤᠨ᠎ᠠ᠃ ᠠᠵᠢᠯ ᠳᠤ ᠪᠠᠶᠢᠭ᠎ᠠ | ᠰᠣᠶᠣᠯ ᠤᠨ ᠶᠡᠭᠡ ᠬᠤᠪᠢᠰᠬᠠᠯ ᠳᠤ ᠦᠨᠳᠦᠰᠦᠨ ᠳᠤ ᠪᠠᠨ ᠵᠡᠮᠳᠡᠭ ᠪᠣᠯᠣᠭᠰᠠᠳ ᠲᠤ ᠡᠩ ᠤᠨ ᠠᠵᠢᠯ ᠠᠴᠠ ᠪᠠᠨ | ᠪᠠᠭᠤᠵᠤ ᠠᠮᠠᠷᠠᠭᠰᠠᠳ ᠤᠨ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ | ᠭᠤᠷᠪᠠᠳᠤᠭᠠᠷ ᠪᠦᠯᠦᠭ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ | ᠭᠤᠴᠢᠨ ᠨᠢᠭᠡᠳᠦᠭᠡᠷ ᠵᠦᠢᠯ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠨᠢ | ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠠᠴᠠ ᠪᠣᠯᠵᠣ ᠡᠭᠦᠰᠦᠭᠰᠡᠨ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢᠨ ᠬᠠᠮᠤᠭ ᠤᠨ ᠶᠡᠭᠡ ᠳᠥᠯᠥᠬᠦ | ᠬᠢᠵᠠᠭᠠᠷ ᠲᠤᠭ᠎ᠠ ᠠᠴᠠ ᠳᠡᠭᠡᠭᠰᠢᠬᠢ ᠬᠡᠰᠡᠭ ᠤᠨ ᠡᠮᠴᠢᠯᠡᠭᠡᠨ ᠤ ᠵᠠᠷᠤᠳᠠᠯ ᠢ ᠰᠢᠢᠳᠪᠦᠷᠢᠯᠡᠨ᠎ᠡ᠃ | ᠭᠤᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠳᠠᠨ ᠠᠵᠢᠯᠴᠢᠨ ᠤ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠢᠭᠡᠴᠢ ᠪᠣᠯᠤᠨ ᠠᠵᠢᠯᠳᠠᠨ ᠠᠵᠢᠯᠴᠢᠨ ᠪᠥᠬᠦᠨ | ᠠᠵᠢᠯᠳᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠳᠤ ᠡᠷᠬᠡᠪᠰᠢ ᠣᠷᠣᠯᠴᠠᠬᠤ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢᠨ ᠨᠢᠭᠡ ᠵᠢᠯ ᠤᠨ ᠳᠣᠲᠣᠷᠠᠬᠢ ᠬᠠᠮᠤᠭ ᠤᠨ ᠶᠡᠭᠡ ᠲᠥᠯᠥᠬᠦ ᠬᠢᠵᠠᠭᠠᠷ ᠲᠤᠭ᠎ᠠ ᠨᠢ 10 ᠲᠦᠮᠡᠨ | ᠲᠥᠭᠦᠷᠢᠭ ᠪᠣᠯᠤᠨ᠎ᠠ᠃ | ᠭᠤᠴᠢᠨ ᠳᠥᠷᠪᠡᠳᠦᠭᠡᠷ ᠵᠦᠢᠯ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ | ᠪᠠᠶᠢᠯᠭᠠᠬᠤ ᠵᠠᠷᠴᠢᠮ ᠶᠣᠰᠣᠭᠠᠷ ᠴᠤᠭᠯᠠᠭᠤᠯᠤᠨ᠎ᠠ᠂ ᠵᠠᠷᠤᠳᠠᠯ ᠲᠤᠰᠢᠶᠠᠬᠤ ᠪᠠᠷᠢᠮᠵᠢᠶ᠎ᠠ ᠨᠢ ᠳᠠᠭᠠᠳᠬᠠᠯ ᠳᠤ | ᠣᠷᠤᠯᠴᠠᠭᠰᠠᠳ ︵ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠢ ᠪᠠᠭᠲᠠᠭᠠᠨ᠎ᠠ︶ ᠪᠣᠯᠭᠠᠨ | ᠵᠢᠯ ᠤᠨ 100 ᠲᠥᠭᠦᠷᠢᠭ ᠪᠠᠶᠢᠵᠤ᠂ ᠳᠠᠭᠠᠳᠬᠠᠯ ᠳᠤ ᠣᠷᠣᠯᠴᠠᠭᠰᠠᠨ ᠨᠢᠭᠡᠴᠢ ᠠᠴᠠ ᠲᠤᠰᠢᠶᠠᠵᠤ᠂ ᠠᠵᠢᠯᠯᠠᠵᠤ | ᠪᠠᠶᠢᠭ᠎ᠠ ᠠᠮᠢᠳᠤᠯᠢᠭ ᠢᠶᠠᠷ ᠠᠵᠢᠯ ᠣᠯᠣᠭᠰᠠᠳ ᠬᠤᠪᠢ ᠭᠦᠮᠣᠨ ᠥᠪᠡᠷ ᠢᠶᠠᠨ ᠲᠤᠰᠢᠶᠠᠨ᠎ᠠ᠃ | ᠭᠤᠴᠢᠨ ᠲᠠᠪᠤᠳᠤᠭᠠᠷ ᠵᠦᠢᠯ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ | ᠵᠠᠷᠤᠳᠠᠯ ᠢ ᠲᠤᠬᠠᠶᠢᠯᠠᠭᠰᠠᠨ ᠠᠵᠢᠯ ᠤᠨ ᠵᠢᠯ ᠢᠶᠠᠷ ᠲᠤᠰᠢᠶᠠᠵᠤ᠂ ᠵᠢᠯ ᠪᠦᠷᠢ ᠶᠢᠨ 6 ᠳ᠋ᠤᠭᠠᠷ ᠰᠠᠷ᠎ᠠ ᠶᠢᠨ | ᠰᠡᠭᠦᠯᠴᠢ ᠳᠤ ᠲᠤᠰᠢᠶᠠᠵᠤ ᠳᠠᠭᠤᠰᠬᠠᠨ᠎ᠠ᠂ ᠳᠠᠭᠠᠳᠬᠠᠯ ᠳᠤ ᠰᠢᠨ᠎ᠡ ᠪᠠᠷ ᠣᠷᠣᠯᠴᠠᠭᠰᠠᠳ ᠤᠨ ᠠᠵᠢᠯᠲᠠᠨ | ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠳᠠᠭᠠᠳᠬᠠᠯ ᠳᠤ ᠣᠷᠣᠯᠴᠠᠭᠰᠠᠨ ᠲᠤᠰ | ᠰᠠᠷ᠎ᠠ ᠳᠤ ᠨᠢᠭᠡᠴᠢ ᠠᠴᠠ ᠪᠥᠬᠦ ᠲᠤᠭ᠎ᠠ ᠪᠠᠷ ᠲᠤᠰᠢᠶᠠᠨ᠎ᠠ᠃ | ᠭᠤᠴᠢᠨ ᠵᠢᠷᠭᠤᠳᠤᠭᠠᠷ ᠵᠦᠢᠯ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ | ᠵᠠᠷᠤᠳᠠᠯ ᠳᠤ ᠬᠤᠪᠢ ᠬᠥᠮᠦᠨ ᠤ ᠲᠠᠩᠰᠠᠨ ᠡᠷᠥᠭᠡ ᠪᠠᠶᠢᠭᠤᠯᠬᠤ ᠥᠭᠡᠢ᠂ ᠳᠠᠭᠠᠳᠬᠠᠯ ᠳᠤ ᠣᠷᠣᠯᠴᠠᠭᠰᠠᠨ | ᠨᠢᠭᠡᠴᠢ ᠶᠢᠨ ᠲᠤᠰᠢᠶᠠᠭᠰᠠᠨ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ | ᠪᠥᠬᠦᠨ ᠢ ᠶᠡᠭᠡ ᠲᠣᠭᠠᠨ ᠤ ᠨᠥᠬᠦᠪᠥᠷᠢ ᠰᠠᠭᠤᠷᠢ ᠮᠥᠩᠭᠦ ᠪᠠᠶᠢᠭᠤᠯᠬᠤ ᠳᠤ ᠬᠡᠷᠡᠭᠯᠡᠨ᠎ᠡ᠃ ᠠᠵᠢᠯᠲᠠᠨ ᠠᠵᠢᠯᠴᠢᠨ ᠤ | ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠬᠠᠰᠤᠵᠤ ᠬᠡᠯᠲᠦᠷᠢᠭᠦᠯᠵᠦ ᠪᠣᠯᠬᠤ ᠦᠭᠡᠢ᠂ ᠶᠠᠮᠠᠷᠪᠠ | ᠨᠢᠭᠡᠴᠢ ᠶᠠᠮᠠᠷᠪᠠ ᠰᠢᠯᠲᠠᠭᠠᠨ ᠢᠶᠠᠷ ᠲᠤᠰᠢᠶᠠᠬᠤ ᠶᠢ ᠲᠡᠪᠴᠢᠬᠦ ᠪᠤᠶᠤ ᠳᠤᠲᠠᠭᠤ ᠲᠤᠰᠢᠶᠠᠵᠤ ᠪᠣᠯᠬᠤ ᠦᠭᠡᠢ᠃ | ᠳᠠᠭᠠᠳᠬᠠᠯ ᠳᠤ ᠣᠷᠣᠯᠴᠠᠭᠰᠠᠨ ᠨᠢᠭᠡᠴᠢ ᠲᠣᠭᠲᠠᠭᠠᠯ ᠶᠣᠰᠣᠭᠠᠷ ᠠᠵᠢᠯᠲᠠᠨ ᠠᠵᠢᠯᠴᠢᠨ ᠤ ᠶᠡᠭᠡ ᠲᠣᠭᠠᠨ ᠤ | ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠲᠤᠰᠢᠶᠠᠭᠰᠠᠨ ᠥᠬᠡᠶ ᠪᠣᠯ᠂ ᠠᠵᠢᠯᠲᠠᠨ ᠠᠵᠢᠯᠴᠢᠨ ᠤ ᠶᠡᠭᠡ ᠲᠣᠭᠠᠨ ᠤ | ᠡᠮᠴᠢᠯᠡᠭᠡᠨ ᠤ ᠳᠠᠭᠠᠳᠬᠠᠯ ᠤᠨ ᠣᠯᠭᠤᠮᠵᠢ ᠭᠥᠷᠳᠡᠬᠦ ᠶᠢ ᠲᠦᠷ ᠵᠣᠭᠰᠣᠭᠠᠨ᠎ᠠ᠃ | ᠭᠤᠴᠢᠨ ᠳᠣᠯᠣᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠨᠢᠭᠡᠳᠦᠯᠲᠡᠶ ᠲᠦᠯᠦᠪᠯᠡᠬᠦ ᠬᠡᠪᠴᠢᠶᠡᠨ ᠳᠤ ᠡᠷᠬᠢᠯᠳᠣᠪᠡᠯ᠂ ᠠᠵᠢᠯᠲᠠᠨ ᠠᠵᠢᠯᠴᠢᠨ ᠤ ᠶᠡᠭᠡ ᠲᠣᠭᠠᠨ ᠤ | ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠳᠠᠭᠠᠯᠳᠤᠭᠤᠯᠤᠨ ᠰᠢᠯᠵᠢᠭᠦᠯᠦᠨ᠎ᠡ︔ ᠳᠠᠭᠠᠳᠬᠠᠯ ᠳᠤ | ᠣᠷᠣᠯᠴᠠᠭᠰᠠᠳ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠢᠭᠡᠳᠦᠯᠲᠡᠶ ᠲᠦᠯᠦᠪᠯᠡᠬᠦ ᠬᠡᠪᠴᠢᠶᠠᠨ ᠠᠴᠠ | ᠰᠢᠯᠵᠢᠪᠡᠯ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠵᠢᠴᠢ | ᠣᠯᠭᠤᠮᠵᠢ ᠶᠢ ᠠᠵᠢᠯ ᠰᠢᠯᠵᠢᠭᠰᠡᠨ ᠡᠳᠦᠷ ᠠᠴᠠ ᠡᠬᠢᠯᠡᠨ ᠳᠠᠭᠤᠰᠬᠠᠨ᠎ᠠ᠃ | ᠭᠤᠴᠢᠨ ᠨᠠᠢᠮᠠᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠬᠥᠬᠡᠭᠴᠢᠨ ᠲᠥᠷᠥᠯ ᠤᠨ ᠡᠮ ᠤᠨ ᠵᠦᠢᠯ ᠢ | ᠬᠡᠷᠡᠭᠯᠡᠭᠰᠡᠨ ᠪᠠ ᠦᠨᠳᠦᠰᠦᠨ ᠡᠮᠴᠢᠯᠡᠭᠡᠨ ᠤ ᠳᠠᠭᠠᠳᠬᠠᠯ ᠢᠶᠠᠷ ᠬᠡᠰᠡᠭ ᠵᠠᠷᠤᠳᠠᠯ ᠢ ᠲᠥᠯᠥᠬᠦ ᠣᠨᠣᠰᠢᠯᠠᠨ ᠡᠮᠨᠡᠬᠦ | ᠲᠥᠷᠥᠯ ᠵᠦᠢᠯ ᠢᠶᠠᠷ ᠡᠮᠨᠡᠭᠦᠯᠦᠭᠰᠡᠨ᠂ ᠲᠦᠷᠭᠡᠨ ᠠᠪᠤᠷᠠᠬᠤ᠂ ᠪᠠᠴᠢᠮ ᠠᠪᠤᠷᠠᠬᠤ ᠬᠤᠭᠤᠴᠠᠭᠠᠨ ᠳᠤ ᠡᠮᠴᠢ ᠶᠢᠨ | ᠵᠢᠭᠠᠪᠤᠷᠢ ᠪᠠᠷ ᠴᠢᠰᠤᠨ ᠤ ᠪᠦᠲᠦᠭᠡᠭᠳᠡᠬᠦᠨ᠂ ᠤᠭᠤᠷᠠᠭ ᠤᠨ ᠲᠥᠷᠥᠯ ᠤᠨ ᠪᠦᠲᠦᠭᠡᠭᠳᠡᠬᠦᠨ ᠢ ᠬᠡᠷᠡᠭᠯᠡᠭᠰᠡᠨ ᠪᠣᠯ | ᠵᠠᠷᠤᠳᠠᠯ ᠢ ᠨᠢ ᠴᠥᠮ ᠲᠤᠰ ᠬᠥᠮᠦᠨ ᠥᠪᠡᠷ ᠢᠶᠠᠨ 10% ᠶᠢ ᠨᠢ ᠬᠠᠷᠢᠭᠤᠴᠠᠵᠤ᠂ ᠦᠯᠡᠳᠡᠭᠰᠡᠨ ᠬᠡᠰᠡᠭ ᠢ ᠨᠢ | ᠠᠵᠢᠯᠳᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠣᠯᠤᠨ ᠬᠤᠪᠢ | ᠬᠥᠮᠦᠨ ᠲᠣᠭᠲᠠᠭᠠᠭᠰᠠᠨ ᠬᠠᠷᠢᠴᠠᠯ ᠢᠶᠠᠷ ᠲᠥᠯᠥᠨ᠎ᠡ᠃ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠥᠪᠡᠷᠲᠡᠭᠡᠨ ᠳᠥᠯᠥᠬᠦ ᠬᠠᠷᠢᠴᠠᠯ ᠢ ᠥᠪᠡᠷᠲᠡᠭᠡᠨ | ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ | ᠦᠯᠡᠳᠡᠭᠰᠡᠨ ᠬᠡᠰᠡᠭ ᠢ ᠨᠢ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠪᠠ ᠬᠤᠪᠢ ᠬᠥᠮᠦᠨ ᠲᠣᠭᠲᠠᠭᠠᠭᠰᠠᠨ ᠬᠠᠷᠢᠴᠠᠯ ᠢᠶᠠᠷ ᠳᠥᠯᠥᠨ᠎ᠡ᠃ | ᠭᠤᠴᠢ ᠶᠢᠰᠦᠳᠦᠭᠡᠷ ᠵᠦᠢᠯ ᠳᠠᠭᠠᠳᠬᠠᠯ ᠳᠤ ᠣᠷᠣᠯᠴᠠᠭᠰᠠᠳ ᠣᠷᠣᠨ ᠤ ᠳᠣᠲᠣᠷ᠎ᠠ ᠪᠤᠶᠤ ᠮᠤᠵᠢ ᠠᠯᠤᠰᠯᠠᠨ | ᠣᠷᠳᠣ ᠬᠤᠭᠤᠴᠠᠭ᠎ᠠ ᠪᠠᠷ ᠣᠨᠳᠣᠤ ᠭᠠᠵᠠᠷ ᠲᠤ ᠰᠠᠭᠤᠷᠢᠰᠢᠬᠤ ᠪᠠᠷ ᠪᠦᠷᠢᠳᠭᠡᠨ ᠳᠠᠩᠰᠠᠯᠠᠭᠤᠯᠤᠭᠰᠠᠨ ᠤ ᠳᠠᠷᠠᠭ᠎ᠠ | ᠡᠪᠡᠳᠴᠢᠨ ᠠᠴᠠ ᠪᠣᠯᠵᠣ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠠᠭᠤᠭᠠᠳ ᠡᠭᠦᠰᠣᠭ᠍ᠰᠡᠨ ︽ | ᠭᠤᠷᠪᠠᠨ ᠭᠠᠷᠴᠠᠭ︾ ᠲᠤ ᠨᠠᠶᠢᠴᠡᠭᠦ ᠡᠮᠴᠢᠯᠡᠭᠡᠨ ᠤ ᠵᠠᠷᠤᠳᠠᠯ ᠳᠠᠬᠢ ᠠᠵᠢᠯᠲᠠᠨ ᠠᠵᠢᠯᠴᠢᠨ ᠤ ᠶᠡᠭᠡ ᠲᠣᠭᠠᠨ ᠤ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠳᠥᠯᠥᠬᠦ ᠬᠠᠷᠢᠴᠠᠯ ᠨᠢ 97% ᠪᠣᠯᠤᠨ᠎ᠠ︔ ᠮᠤᠵᠢ | ᠠᠯᠤᠰᠯᠠᠵᠤ ᠲᠦᠷ ᠴᠠᠭ ᠣᠨᠳᠣᠤ ᠭᠠᠵᠠᠷ ᠲᠤ ᠡᠮᠨᠡᠭᠦᠯᠬᠦ ᠪᠠᠷ ᠪᠦᠷᠢᠳᠭᠡᠨ ᠳᠠᠩᠰᠠᠯᠠᠭᠤᠯᠤᠭᠰᠠᠨ ᠤ ᠳᠠᠷᠠᠭ᠎ᠠ | ᠡᠮᠨᠡᠯᠭᠡ ᠳᠤ ᠰᠠᠭᠤᠬᠤ ᠪᠤᠶᠤ ᠣᠷᠣᠨ ᠤ ᠭᠠᠳᠠᠨ᠎ᠠ ᠠᠯᠪᠠᠨ ᠠᠵᠢᠯ ᠢᠶᠠᠷ ᠭᠠᠳᠠᠭᠰᠢ ᠭᠠᠷᠬᠤ᠂ ᠲᠥᠷᠥᠯ | ᠰᠠᠳᠤᠨ ᠢᠶᠠᠨ ᠡᠷᠭᠢᠵᠦ ᠦᠵᠡᠬᠦ ᠳᠤ ᠠᠶᠤᠯᠲᠠᠢ ᠲᠦᠷᠭᠡᠨ ᠬᠦᠨᠳᠦ ᠡᠪᠡᠳᠴᠢᠨ ᠳᠤ ᠭᠡᠨᠡᠳᠲᠡ ᠨᠡᠷᠪᠡᠭᠳᠡᠨ | ᠡᠮᠨᠡᠯᠭᠡ ᠳᠤ ᠰᠠᠭᠤᠭᠠᠣᠨ ᠡᠭᠦᠰᠣᠭ᠍ᠰᠡᠨ ︽ᠭᠤᠷᠪᠠᠨ ᠭᠠᠷᠴᠠᠭ︾ ᠲᠤ ᠨᠠᠶᠢᠴᠡᠭᠦ ᠡᠮᠴᠢᠯᠡᠭᠡᠨ ᠤ ᠵᠠᠷᠤᠳᠠᠯ ᠳᠠᠬᠢ | ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠳᠥᠯᠥᠬᠦ | ᠬᠠᠷᠢᠴᠠᠯ ᠨᠢ 92% ᠪᠣᠯᠤᠨ᠎ᠠ᠃ | ᠡᠭᠦᠳᠡᠨ ᠡᠮᠨᠡᠯᠭᠡ ᠪᠠᠴᠢᠮ ᠡᠮᠨᠡᠯᠭᠡ ᠳᠤ ᠡᠭᠦᠰᠣᠭ᠍ᠰᠡᠨ ︽ᠭᠤᠷᠪᠠᠨ ᠭᠠᠷᠴᠠᠭ︾ ᠲᠤ ᠨᠠᠶᠢᠴᠡᠭᠦ ᠡᠮᠴᠢᠯᠡᠭᠡᠨ ᠤ | ᠵᠠᠷᠤᠳᠠᠯ ᠳᠠᠬᠢ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ | ᠳᠥᠯᠥᠬᠦ ᠬᠠᠷᠢᠴᠠᠯ ᠨᠢ 70% ᠪᠣᠯᠤᠨ᠎ᠠ᠃ | ᠳᠥᠴᠢᠳᠦᠭᠡᠷ ᠵᠦᠢᠯ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ | ᠪᠣᠯᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠲᠤᠰ ᠲᠤᠰ ᠲᠤ ᠨᠢ ᠠᠵᠢᠯᠯᠠᠭᠤᠯᠵᠤ᠂ | ᠰᠠᠯᠭᠠᠵᠤ ᠲᠣᠭᠠᠴᠠᠭ᠎ᠠ ᠬᠢᠵᠦ᠂ ᠲᠤᠰᠬᠠᠶ ᠵᠣᠭᠤᠰ ᠢ ᠲᠤᠰᠬᠠᠢᠢᠯᠠᠨ ᠬᠡᠷᠡᠭᠯᠡᠵᠦ᠂ ᠬᠠᠷᠢᠯᠴᠠᠨ ᠰᠢᠬᠠᠨ ᠡᠵᠡᠯᠡᠵᠦ᠂ | ᠨᠡᠭᠦᠯᠭᠡᠨ ᠬᠡᠷᠡᠭᠯᠡᠵᠦ ᠪᠣᠯᠬᠤ ᠦᠭᠡᠢ᠃ | ᠳᠥᠴᠢᠨ ᠨᠢᠭᠡᠳᠦᠭᠡᠷ ᠵᠦᠢᠯ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠨᠢ ᠦᠯᠡᠳᠡᠪᠦᠷᠢ ᠲᠠᠢ ᠪᠠᠶᠢᠪᠠᠯ᠂ ᠬᠤᠳᠠᠯᠳᠤᠭᠠᠨ ᠤ ᠳᠠᠭᠠᠳᠬᠠᠯ ᠲᠠᠢ ᠬᠠᠮᠲᠤᠷᠠᠵᠤ᠂ | ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠵᠠᠷᠤᠳᠠᠯ ᠳᠠᠬᠢ ᠦᠪᠡᠷ ᠢᠶᠠᠨ ᠬᠠᠷᠢᠭᠤᠴᠠᠬᠤ ᠬᠡᠰᠡᠭ ᠤᠨ | ᠵᠠᠷᠤᠳᠠᠯ ᠢ ᠲᠦᠯᠦᠬᠦ ᠳᠤ ᠬᠡᠷᠡᠭᠯᠡᠵᠦ ᠪᠣᠯᠤᠨ᠎ᠠ᠃ | ᠳᠥᠷᠪᠡᠳᠦᠭᠡᠷ ᠪᠦᠯᠦᠭ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠳᠠᠭᠠᠳᠬᠠᠯ ᠤᠨ ᠵᠠᠷᠤᠳᠠᠯ ᠢ | ᠳ᠋ᠦᠩᠨᠡᠨ ᠪᠣᠳᠣᠬᠤ | ᠳᠥᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠠᠭᠠᠳᠬᠠᠯ ᠳᠤ | ᠣᠷᠣᠯᠴᠠᠭᠰᠠᠳ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠭᠦᠰᠣᠭ᠍ᠰᠡᠨ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠰᠠᠭᠤᠷᠢ ᠮᠥᠩᠭᠦ᠂ ᠨᠢᠭᠡᠳᠦᠯᠲᠡᠶ | ᠲᠦᠯᠦᠪᠯᠡᠬᠦ ᠰᠠᠭᠤᠷᠢ ᠮᠥᠩᠭᠦ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ᠂ ᠠᠯᠪᠠᠲᠠᠨ ᠤ ᠡᠮᠴᠢᠯᠡᠭᠡᠨ ᠤ ᠨᠦᠬᠦᠪᠦᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠪᠠ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠠᠴᠠ ᠰᠠᠷ᠎ᠠ ᠪᠠᠷ ᠳ᠋ᠦᠩᠨᠡᠨ ᠪᠤᠳᠤᠨ᠎ᠠ᠃ | ︵ᠨᠢᠭᠡ︶ ᠳ᠋ᠦᠩᠨᠡᠨ ᠪᠤᠳᠤᠬᠤ ᠠᠷᠭ᠎ᠠ᠄ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠢ | ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ | ᠳ᠋ᠦᠩᠨᠡᠨ ᠪᠤᠳᠤᠬᠤ ᠲᠠᠩᠰᠠᠨ ᠡᠷᠦᠬᠡ ᠪᠠᠶᠢᠭᠤᠯᠬᠤ ᠶᠢᠨ ᠬᠠᠮᠲᠤ᠂ ᠲᠠᠩᠰᠠ ᠪᠠᠶᠢᠭᠤᠯᠤᠭᠰᠠᠨ ᠪᠠᠩᠬᠢ ᠶᠢᠨ ᠨᠠᠷᠡᠶᠢᠳᠣᠯ | ᠪᠠ ᠲᠠᠩᠰᠠᠨ ᠳ᠋ᠤᠭᠠᠷ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ | ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠵᠤ᠂ ᠲᠠᠩᠰᠠ ᠰᠢᠯᠵᠢᠭᠦᠯᠦᠨ ᠳ᠋ᠦᠩᠨᠡᠨ ᠪᠤᠳᠤᠬᠤ ᠶᠢ ᠬᠡᠷᠡᠭᠵᠢᠭᠦᠯᠦᠨ᠎ᠡ᠃ | ︵ᠬᠤᠶᠠᠷ︶ ᠳ᠋ᠦᠩᠨᠡᠨ ᠪᠤᠳᠤᠬᠤ ᠳᠡᠰ ᠳᠠᠷᠠᠭᠠᠯᠠᠯ᠄ ᠴᠡᠭ ᠲᠣᠭᠲᠠᠭᠠᠭᠰᠠᠨ ᠡᠮ ᠡᠮᠨᠡᠯᠭᠡ ᠶᠢᠨ | ᠪᠠᠶᠢᠭᠤᠯᠤᠮᠵᠢ ᠠᠴᠠ ᠡᠳᠦᠷ ᠪᠦᠷᠢ ᠲᠠᠩᠰᠠ ᠪᠤᠳᠤᠵᠤ᠂ ᠰᠠᠷ᠎ᠠ ᠶᠢᠨ ᠰᠡᠭᠦᠯᠴᠢ ᠳᠤ ᠬᠤᠷᠢᠶᠠᠩᠭᠤᠶᠢᠯᠠᠭᠰᠠᠨ ᠤ | ᠰᠡᠭᠦᠯᠡᠷ ᠳᠠᠷᠠᠭᠠᠴᠢ ᠶᠢᠨ ᠰᠠᠷ᠎ᠠ ᠶᠢᠨ 1 ᠠᠴᠠ 5 ᠤ ᠡᠳᠦᠷ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ | ᠳᠠᠷᠠᠭᠠᠯᠠᠯ ᠢᠶᠠᠷ ᠤᠷᠲᠤᠳᠬᠠᠨ᠎ᠠ︶ ᠲᠤ ᠳᠡᠭᠡᠷ᠎ᠡ ᠰᠠᠷ᠎ᠠ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠷ᠎ᠠ ᠪᠠᠷ | ᠳ᠋ᠦᠩᠨᠡᠨ ᠪᠤᠳᠤᠭᠰᠠᠨ ᠲᠤᠭ᠎ᠠ ᠪᠠᠷᠢᠮᠳᠡ ᠶᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ | ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠭᠤᠤᠯ ᠬᠡᠰᠡᠭ ᠲᠤ | ᠬᠦᠷᠭᠡᠬᠦ ᠶᠢᠨ ᠬᠠᠮᠲᠤ᠂ ᠬᠡᠷᠡᠭᠯᠡᠭᠡᠨ ᠤ ᠨᠠᠷᠢᠨ ᠳᠠᠩᠰᠠ᠂ ᠡᠳᠦᠷ ᠢᠶᠠᠷ ᠳ᠋ᠦᠩᠨᠡᠨ ᠪᠤᠳᠤᠭᠰᠠᠨ ᠬᠠᠭᠤᠳᠠᠰᠤ᠂ ᠵᠣᠷ | ᠵᠡᠷᠭᠡ ᠮᠠᠲ᠋ᠧᠷᠢᠶᠠᠯ ᠢ ᠲᠣᠬᠢᠲᠠᠶ ᠬᠠᠳᠠᠭᠠᠯᠠᠨ ᠬᠠᠮᠢᠶᠠᠷᠴᠤ ᠪᠠᠶᠢᠴᠠᠭᠠᠬᠤ ᠳᠤ ᠪᠡᠯᠡᠳᠬᠡᠨ᠎ᠡ᠃ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ | ᠰᠠᠭᠤᠷᠢ ᠮᠥᠩᠭᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠠᠷ᠎ᠠ ᠪᠦᠷᠢ ᠴᠡᠭ ᠲᠣᠭᠲᠠᠭᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠶᠢᠨ ᠬᠦᠷᠭᠡᠭᠰᠡᠨ ᠲᠤᠭ᠎ᠠ ᠪᠠᠷᠢᠮᠳᠡ ᠶᠢ ᠬᠢᠨᠠᠨ ᠬᠠᠷᠭᠤᠭᠤᠯᠵᠤ᠂ ᠬᠢᠨᠠᠨ | ᠬᠠᠷᠭᠤᠭᠤᠯᠤᠭᠠᠳ ᠪᠤᠷᠤᠭᠤ ᠦᠭᠡᠶ ᠪᠣᠯ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ | ᠲᠠᠩᠰᠠᠨ ᠡᠷᠦᠬᠡ ᠶᠢᠨ ᠰᠠᠭᠤᠷᠢ ᠮᠥᠩᠭᠦ᠂ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ᠂ ᠠᠵᠢᠯᠲᠠᠨ ᠠᠵᠢᠯᠴᠢᠨ ᠤ | ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ᠂ ᠠᠯᠪᠠᠲᠠᠨ ᠤ ᠡᠮᠴᠢᠯᠡᠭᠡᠨ ᠤ ᠨᠦᠬᠦᠪᠦᠷᠢ | ᠮᠥᠩᠭᠦ ᠶᠢ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠯᠤᠭ᠎ᠠ ᠳ᠋ᠦᠩᠨᠡᠨ ᠪᠤᠳᠤᠨ᠎ᠠ᠂ ᠡᠭᠦᠨ ᠳᠤ᠂ | ᠡᠩ ᠤᠨ ᠡᠮᠨᠡᠯᠭᠡ ᠳᠤ ᠰᠠᠭᠤᠵᠤ ᠡᠮᠨᠡᠭᠦᠯᠭᠦ ᠶᠢᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢ ᠴᠡᠭ | ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠪᠣᠳᠠᠲᠠᠶ ᠡᠭᠦᠰᠣᠭ᠍ᠰᠡᠨ ᠲᠣᠭᠠᠨ ᠤ 90% ᠪᠠᠷ ᠰᠠᠯᠭᠠᠨ | ᠥᠭᠴᠦ᠂ ᠵᠢᠯ ᠤᠨ ᠰᠡᠭᠦᠯᠴᠢ ᠳᠤ ᠡᠮᠴᠢᠯᠡᠭᠡᠨ ᠤ ᠪᠠᠶᠢᠭᠤᠯᠤᠮᠵᠢ ᠶᠢᠨ ᠰᠢᠯᠭᠠᠨ ᠬᠢᠨᠠᠭᠰᠠᠨ ᠲᠠᠰ᠂ ᠲᠣᠭᠲᠠᠭᠠᠯ ᠠᠴᠠ | ᠵᠦᠷᠢᠴᠡᠵᠣ ᠵᠣᠭᠤᠰ ᠰᠠᠭᠤᠯᠭᠠᠨ ᠠᠪᠣᠭᠰᠠᠨ ᠵᠢᠴᠢ ᠬᠡᠲᠦᠷᠡᠭᠰᠡᠨ ᠵᠠᠷᠤᠯᠭ᠎ᠠ ᠶᠢ ᠬᠤᠪᠢᠳᠠᠨ ᠡᠭᠦᠷᠭᠡᠯᠡᠬᠦ ᠵᠡᠷᠭᠡ ᠶᠢ | ᠦᠨᠳᠦᠰᠦᠯᠡᠨ ᠨᠠᠷᠢᠪᠴᠢᠯᠠᠨ ᠲᠣᠭᠠᠴᠠᠭᠠᠯᠠᠨ᠎ᠠ᠃ | ᠳᠥᠴᠢᠨ ᠭᠤᠷᠪᠠᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠤᠨ ᠡᠮᠨᠡᠯᠭᠡ ᠳᠤ ᠰᠠᠭᠤᠭᠠᠳ | ᠡᠭᠦᠰᠣᠭ᠍ᠰᠡᠨ ᠨᠢᠭᠡᠳᠦᠯᠲᠡᠶ ᠲᠦᠯᠣᠪᠯᠡᠭᠦ ᠰᠠᠭᠤᠷᠢ ᠮᠥᠩᠭᠦ ᠠᠴᠠ ᠳᠥᠯᠥᠭᠰᠡᠨ ᠡᠮᠴᠢᠯᠡᠭᠡᠨ ᠤ ᠵᠠᠷᠤᠳᠠᠯ ᠢ ︽ᠶᠡᠷᠦᠩᠬᠡᠶ | ᠲᠣᠭᠠᠨ ᠤ ᠲᠥᠰᠦᠪ︾ ᠤᠨ ᠳᠣᠤᠷᠠᠬᠢ ᠣᠯᠠᠨ ᠵᠦᠢᠯ ᠤᠨ ᠵᠠᠷᠤᠳᠠᠯ ᠲᠤᠰᠢᠶᠠᠬᠤ ᠠᠷᠭ᠎ᠠ ᠪᠠᠷ ᠳ᠋ᠦᠩᠨᠡᠨ ᠪᠤᠳᠤᠨ᠎ᠠ᠃ | ︵ᠨᠢᠭᠡ︶ ᠵᠣᠬᠢᠬᠤ ᠣᠨᠣᠰᠢᠯᠠᠨ ᠡᠮᠨᠡᠬᠦ ᠲᠥᠷᠥᠯ ᠢ ᠪᠦᠷᠢᠳᠦᠭᠦᠯᠦᠭᠰᠡᠨ ᠪᠥᠭᠡᠳ ᠲᠤᠬᠠᠶᠢᠯᠠᠭᠰᠠᠨ | ᠠᠵᠢᠯ ᠢᠶᠠᠨ ᠪᠣᠳᠠᠲᠠᠶ ᠦᠷᠨᠢᠭᠦᠯᠵᠦ ᠪᠠᠶᠢᠭ᠎ᠠ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ᠂ ᠵᠣᠬᠢᠬᠤ | ᠡᠪᠡᠳᠴᠢᠨ ᠤ ᠲᠥᠷᠥᠯ ᠢ ᠭᠥᠯᠢᠶᠡᠨ ᠠᠪᠴᠤ ᠡᠮᠨᠡᠯᠭᠡ ᠳᠤ ᠰᠠᠭᠤᠯᠭᠠᠵᠤ ᠵᠠᠰᠠᠭᠰᠠᠨ ᠠᠴᠠ ᠡᠭᠦᠰᠣᠭ᠍ᠰᠡᠨ | ᠡᠮᠴᠢᠯᠡᠭᠡᠨ ᠤ ᠶᠡᠷᠦᠩᠬᠡᠶ ᠵᠠᠷᠤᠳᠠᠯ ︵ᠦᠷᠡᠵᠢᠯ ᠤᠨ ᠡᠮᠴᠢᠯᠡᠭᠡᠨ ᠤ ᠵᠠᠷᠤᠳᠠᠯ ᠢ ᠪᠠᠭᠲᠠᠭᠠᠬᠤ ᠥᠬᠡᠶ︶ ᠢ ᠴᠥᠮ | ᠡᠪᠡᠳᠴᠢᠨ ᠤ ᠲᠥᠷᠥᠯ ᠤᠨ ᠨᠣᠭᠳᠠᠬᠤ ᠥᠷᠲᠡᠭ ᠢᠶᠠᠷ ᠵᠠᠷᠤᠳᠠᠯ ᠲᠤᠰᠢᠶᠠᠬᠤ ︵ DIP︶ ᠬᠡᠪᠴᠢᠶᠡᠨ ᠳᠤ | ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ | ᠪᠠᠶᠢᠭᠤᠯᠤᠮᠵᠢ ᠠᠴᠠ ︽ᠶᠡᠷᠦᠩᠬᠡᠶ ᠲᠤᠭ᠎ᠠ ᠶᠢ ᠡᠵᠡᠮᠳᠡᠬᠦ᠂ ᠡᠪᠡᠳᠴᠢᠨ ᠤ ᠲᠥᠷᠥᠯ ᠢᠶᠠᠷ ᠥᠷᠲᠡᠭ ᠣᠯᠭᠤᠬᠤ᠂ | ᠰᠠᠷ᠎ᠠ ᠪᠠᠷ ᠤᠷᠢᠳᠴᠢᠯᠠᠨ ᠳ᠋ᠦᠩᠨᠡᠨ ᠪᠤᠳᠤᠬᠤ᠂ ᠵᠢᠯ ᠢᠶᠠᠷ ᠨᠠᠷᠢᠪᠴᠢᠯᠠᠨ ᠲᠣᠭᠠᠴᠠᠭᠠᠯᠠᠬᠤ︾ ᠵᠠᠷᠴᠢᠮ ᠶᠣᠰᠣᠭᠠᠷ᠂ | ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠯᠤᠭ᠎ᠠ ᠡᠪᠡᠳᠴᠢᠨ ᠤ ᠲᠥᠷᠥᠯ ᠤᠨ ᠨᠣᠭᠳᠠᠬᠤ ᠥᠷᠲᠡᠭ ᠢᠶᠠᠷ | ᠵᠠᠷᠤᠳᠠᠯ ᠲᠤᠰᠢᠶᠠᠬᠤ ᠠᠷᠭ᠎ᠠ ᠪᠠᠷ ᠳ᠋ᠦᠩᠨᠡᠨ ᠪᠤᠳᠤᠨ᠎ᠠ᠃ | ᠡᠮᠴᠢᠯᠡᠭᠡᠨ ᠤ ᠳᠠᠭᠠᠳᠬᠠᠯ ᠤᠨ ᠵᠠᠷᠤᠯᠭ᠎ᠠ ᠶᠢᠨ ᠶᠡᠷᠦᠩᠬᠡᠶ ᠲᠣᠭᠠᠨ ᠤ ᠪᠣᠷᠣ ᠲᠥᠯᠥᠪ ᠤᠨ ᠳᠣᠣᠷ᠎ᠠ | ᠡᠪᠡᠳᠴᠢᠨ ᠤ ᠲᠥᠷᠥᠯ ᠤᠨ ᠨᠣᠭᠳᠠᠬᠤ ᠥᠷᠲᠡᠭ ᠢᠶᠠᠷ ᠵᠠᠷᠤᠳᠠᠯ ᠲᠤᠰᠢᠶᠠᠬᠤ ᠳ᠋ᠠᠶᠢᠲ᠋ᠠ ᠶᠢᠨ ᠪᠠᠷᠢᠮᠵᠢᠶ᠎ᠠ ᠶᠢᠨ | ᠲᠣᠭᠲᠠᠯᠴᠠᠭ᠎ᠠ ᠶᠢ ᠪᠠᠶᠢᠭᠤᠯᠵᠤ᠂ DIP ᠬᠠᠮᠢᠶᠠᠷᠤᠯᠲᠠ ᠳᠤ ᠣᠷᠣᠭᠤᠯᠤᠭᠰᠠᠨ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠨᠢ ᠶᠡᠷᠦᠩᠬᠡᠶ ᠲᠤᠭ᠎ᠠ ᠶᠢᠨ ᠲᠥᠰᠦᠪ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ | ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠨᠠᠷᠢᠨ ᠨᠢᠭᠲᠠ ᠲᠥᠰᠦᠪ ᠤᠨ ᠤᠳᠤᠷᠢᠳᠤᠮᠵᠢ᠂ | ᠶᠠᠪᠤᠴᠠ ᠶᠢᠨ ᠡᠵᠡᠮᠳᠡᠯ ᠪᠠ ᠲᠥᠰᠦᠪ ᠤᠨ ᠦᠷ᠎ᠡ ᠳ᠋ᠦᠩ ᠤᠨ ᠦᠨᠡᠯᠡᠯᠲᠡ ᠳᠤ ᠰᠠᠭᠤᠷᠢᠯᠠᠭᠰᠠᠨ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠲᠣᠭᠲᠠᠴᠠ ᠶᠢ ᠪᠣᠶ ᠪᠣᠯᠭᠠᠵᠤ᠂ ᠲᠥᠰᠦᠪ ᠤᠨ ᠬᠡᠷᠡᠭᠵᠢᠭᠦᠯᠦᠯᠲᠡ ᠶᠢᠨ ᠵᠠᠶᠢᠳᠠᠯ ᠤᠨ | ᠲᠣᠭᠤᠷᠢᠨ ᠳᠤ᠂ ᠡᠮᠴᠢᠯᠡᠭᠡᠨ ᠤ ᠦᠢᠯᠡ ᠠᠵᠢᠯᠯᠠᠭ᠎ᠠ ᠳᠠᠬᠢ ᠬᠢᠨᠠᠨ ᠬᠠᠮᠢᠶᠠᠷᠤᠯᠲᠠ ᠪᠠ ᠰᠢᠯᠭᠠᠨ ᠬᠢᠨᠠᠯᠲᠠ ᠶᠢ | ᠬᠡᠷᠡᠭᠵᠢᠭᠦᠯᠵᠦ᠂ ᠰᠢᠯᠭᠠᠨ ᠬᠢᠨᠠᠭᠰᠠᠨ ᠦᠷ᠎ᠡ ᠳ᠋ᠦᠩ ᠢ ᠰᠠᠷ᠎ᠠ ᠪᠠᠷ ᠤᠷᠢᠳᠴᠢᠯᠠᠨ ᠳ᠋ᠦᠩᠨᠡᠨ ᠪᠤᠳᠤᠬᠤ᠂ ᠵᠢᠯ ᠢᠶᠠᠷ | ᠨᠠᠷᠢᠪᠴᠢᠯᠠᠨ ᠲᠣᠭᠠᠴᠠᠭᠠᠯᠠᠬᠤ ᠯᠤᠭ᠎ᠠ ᠬᠤᠯᠪᠣᠭᠳᠠᠭᠤᠯᠬᠤ ᠬᠡᠷᠡᠭᠲᠡᠶ᠃ | ︵ᠬᠤᠶᠠᠷ︶ DIP ᠬᠠᠮᠢᠶᠠᠷᠤᠯᠲᠠ ᠳᠤ ᠣᠷᠣᠭᠤᠯᠤᠭᠰᠠᠨ ᠥᠬᠡᠶ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠨᠢ ᠠᠳᠠᠯᠢ ᠪᠤᠰᠤ ᠲᠠᠰ ᠢ ᠦᠨᠳᠦᠰᠦᠯᠡᠨ᠂ ᠥᠩᠭᠡᠷᠡᠭᠰᠡᠨ ᠵᠢᠯ ᠪᠤᠶᠤ ᠤᠯᠠᠷᠢᠯ ᠳᠠᠬᠢ ᠬᠥᠮᠦᠨ | ᠤᠳᠠᠭ᠎ᠠ ᠪᠦᠷᠢ ᠶᠢᠨ ᠡᠮᠨᠡᠯᠭᠡ ᠳᠤ ᠰᠠᠭᠤᠬᠤ ᠳᠤ ᠵᠠᠷᠤᠴᠠᠭᠤᠯᠤᠭᠰᠠᠨ ᠳᠤᠮᠳᠠᠴᠢ ᠡᠮᠴᠢᠯᠡᠭᠡᠨ ᠤ ᠵᠠᠷᠤᠳᠠᠯ ᠢ ᠯᠠᠪᠯᠠᠵᠤ᠂ | ᠵᠦᠢ ᠵᠣᠬᠢᠰ ᠥᠬᠡᠶ ᠡᠯᠧᠮᠧᠨ᠋ᠲ ᠢ ᠬᠠᠰᠤᠵᠤ᠂ ᠶᠡᠷᠦᠩᠬᠡᠶ ᠬᠡᠮᠵᠢᠶ᠎ᠡ ᠶᠢᠨ ᠭᠦᠢᠴᠡᠳᠬᠡᠯ ᠲᠤᠭ᠎ᠠ ᠪᠠ ᠬᠥᠮᠦᠨ | ᠤᠳᠠᠭ᠎ᠠ ᠪᠦᠷᠢ ᠶᠢᠨ ᠡᠮᠨᠡᠯᠭᠡ ᠳᠤ ᠰᠠᠭᠤᠬᠤ ᠳᠤ ᠲᠤᠮᠳᠠᠴᠢ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢᠨ | ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠨ᠎ᠠ᠃ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠶᠢ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠴᠤᠭᠯᠠᠭᠤᠯᠬᠤ ᠬᠠᠷᠢᠴᠠᠯ ᠤᠨ ᠬᠤᠪᠢᠷᠠᠯᠲᠠ ᠲᠠᠢ | ᠳᠠᠭᠠᠯᠳᠣᠭᠤᠯᠵᠣ ᠵᠣᠬᠢᠴᠠᠩᠭᠤᠶ ᠪᠠᠷ ᠲᠣᠬᠢᠷᠠᠭᠤᠯᠤᠨ᠎ᠠ᠃ | ᠳᠥᠴᠢᠨ ᠳᠥᠷᠪᠡᠳᠦᠭᠡᠷ ᠵᠦᠢᠯ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ | ᠰᠠᠭᠤᠵᠤ ᠡᠮᠨᠡᠭᠦᠯᠬᠦ ᠶᠢᠨ ᠨᠢᠭᠡᠳᠦᠯᠲᠡᠶ ᠲᠦᠯᠦᠪᠯᠡᠬᠦ ᠰᠠᠭᠤᠷᠢ ᠮᠦᠩᠭᠦᠨ ᠤ ᠵᠠᠷᠣᠯᠭ᠎ᠠ ᠶᠢᠨ ᠬᠡᠲᠦᠷᠡᠭᠰᠡᠨ ᠬᠡᠰᠡᠭ ᠢ | ᠬᠤᠪᠢᠳᠠᠨ ᠡᠭᠦᠷᠭᠡᠯᠡᠨ᠎ᠡ᠃ | ︵ᠨᠢᠭᠡ︶ DIP ᠬᠠᠮᠢᠶᠠᠷᠤᠯᠲᠠ ᠳᠤ ᠣᠷᠣᠭᠤᠯᠤᠭᠰᠠᠨ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠵᠢᠯ ᠤᠨ ᠬᠡᠲᠦᠷᠡᠭᠰᠡᠨ ᠵᠠᠷᠤᠯᠭ᠎ᠠ ᠶᠢ ᠬᠤᠪᠢᠳᠠᠨ ᠡᠭᠦᠷᠭᠡᠯᠡᠬᠦ ᠳᠤ ᠳᠣᠤᠷᠠᠬᠢ ᠪᠠᠷᠢᠮᠵᠢᠶ᠎ᠠ ᠪᠠᠷ | ᠬᠡᠷᠡᠭᠵᠢᠭᠦᠯᠦᠨ᠎ᠡ᠄ ᠲᠣᠬᠠᠢ ᠶᠢᠨ ᠵᠢᠯ ᠤᠨ ᠡᠪᠡᠳᠴᠢᠨ ᠤ ᠲᠥᠷᠥᠯ ᠤᠨ ᠨᠤᠭᠳᠠᠬᠤ ᠥᠷᠲᠡᠭ ᠢᠶᠠᠷ ᠵᠠᠷᠤᠳᠠᠯ | ᠲᠤᠰᠢᠶᠠᠬᠤ ᠬᠡᠪᠴᠢᠶᠡᠨ ᠳᠤ ᠣᠷᠣᠭᠤᠯᠤᠭᠰᠠᠨ ᠳᠠᠭᠠᠳᠬᠠᠯ ᠳᠤ ᠣᠷᠣᠯᠴᠠᠭᠰᠠᠳ ᠤᠨ ᠲᠣᠰ ᠴᠡᠭ ᠲᠣᠭᠲᠠᠭᠠᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠭᠠᠣᠨ ᠡᠭᠦᠰᠣᠭ᠍ᠰᠡᠨ ᠪᠣᠳᠠᠲᠠᠶ ᠨᠢᠭᠡᠳᠦᠯᠲᠡᠶ ᠲᠦᠯᠦᠪᠯᠡᠬᠦ | ᠰᠠᠭᠤᠷᠢ ᠮᠥᠩᠭᠦ ᠶᠢᠨ ᠲᠠᠩᠰᠠ ᠲᠡᠮᠲᠡᠭᠯᠡᠭᠰᠡᠨ ᠵᠠᠷᠤᠳᠠᠯ ᠤᠨ ᠶᠡᠷᠦᠩᠬᠡᠶ ᠲᠤᠭ᠎ᠠ ᠨᠢ ᠲᠣᠬᠠᠢ ᠶᠢᠨ ᠵᠢᠯ ᠤᠨ ᠲᠣᠰ | ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠤ ᠲᠥᠷᠥᠯ ᠤᠨ ᠨᠣᠭᠳᠠᠬᠤ ᠥᠷᠲᠡᠭ ᠢᠶᠠᠷ | ᠵᠠᠷᠤᠳᠠᠯ ᠲᠤᠰᠢᠶᠠᠬᠤ ᠣᠨ ᠤ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ | ᠭᠦᠢᠴᠡᠳᠬᠡᠯ ᠤᠨ ᠲᠣᠭᠠᠴᠠᠭ᠎ᠠ ᠬᠢᠭᠰᠡᠨ ᠶᠡᠷᠦᠩᠬᠡᠶ ᠲᠣᠭᠠᠨ ᠤ 110% ᠶᠢᠨ ᠳᠣᠲᠣᠷ᠎ᠠ ᠪᠠᠶᠢᠪᠠᠯ᠂ ᠲᠤᠭ᠎ᠠ ᠠᠴᠠ | ᠳᠠᠪᠠᠭᠰᠠᠨ ᠬᠡᠰᠡᠭ ᠤᠨ 50% ᠶᠢ ᠨᠢ ᠲᠣᠰ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠡᠭᠦᠷᠭᠡᠯᠡᠵᠦ᠂ | ᠨᠥᠭᠦᠭᠡ 50% ᠶᠢ ᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ | ᠪᠠᠶᠢᠭᠤᠯᠤᠮᠵᠢ ᠠᠴᠠ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠰᠢᠯᠭᠠᠨ ᠬᠢᠨᠠᠯᠲᠠ ᠶᠢ ᠦᠨᠳᠦᠰᠦᠯᠡᠨ | ᠵᠦᠶ ᠵᠣᠬᠢᠰᠲᠠᠶ ᠪᠠᠷ ᠲᠣᠬᠢᠷᠠᠭᠤᠯᠤᠯᠲᠠ ᠬᠢᠭᠰᠡᠨ ᠤ ᠳᠠᠷᠠᠭ᠎ᠠ ᠬᠠᠷᠢᠴᠠᠯ ᠢᠶᠠᠷ ᠡᠭᠦᠷᠭᠡᠯᠡᠨ᠎ᠡ᠃ | ᠲᠣᠬᠠᠢ ᠶᠢᠨ ᠵᠢᠯ ᠤᠨ ᠡᠪᠡᠳᠴᠢᠨ ᠤ ᠲᠥᠷᠥᠯ ᠤᠨ ᠨᠣᠭᠳᠠᠬᠤ ᠥᠷᠲᠡᠭ ᠢᠶᠠᠷ ᠵᠠᠷᠤᠳᠠᠯ ᠲᠤᠰᠢᠶᠠᠬᠤ | ᠬᠡᠪᠴᠢᠶᠡᠨ ᠳᠤ ᠣᠷᠣᠭᠤᠯᠤᠭᠰᠠᠨ ᠳᠠᠭᠠᠳᠬᠠᠯ ᠳᠤ ᠣᠷᠣᠯᠴᠠᠭᠰᠠᠳ ᠤᠨ ᠲᠣᠰ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠡᠮᠨᠡᠯᠭᠡ ᠳᠤ ᠰᠠᠭᠤᠭᠠᠳ ᠡᠭᠦᠰᠣᠭ᠍ᠰᠡᠨ ᠪᠣᠳᠠᠲᠠᠶ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢᠨ | ᠲᠠᠩᠰᠠ ᠲᠡᠮᠲᠡᠭᠯᠡᠭᠰᠡᠨ ᠵᠠᠷᠤᠳᠠᠯ ᠤᠨ ᠶᠡᠷᠦᠩᠬᠡᠶ ᠲᠤᠭ᠎ᠠ ᠨᠢ ᠲᠣᠬᠠᠢ ᠶᠢᠨ ᠣᠨ ᠤ ᠲᠣᠰ ᠴᠡᠭ ᠲᠣᠭᠲᠠᠭᠠᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠤ ᠲᠥᠷᠥᠯ ᠤᠨ ᠨᠣᠭᠳᠠᠬᠤ ᠥᠷᠲᠡᠭ ᠢᠶᠠᠷ ᠵᠠᠷᠤᠳᠠᠯ ᠲᠤᠰᠢᠶᠠᠬᠤ | ᠵᠢᠯ ᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ | ᠲᠣᠭᠠᠴᠠᠭ᠎ᠠ ᠬᠢᠭᠰᠡᠨ ᠶᠡᠷᠦᠩᠬᠡᠶ ᠲᠤᠭ᠎ᠠ ᠶᠢᠨ 110% ᠠᠴᠠ ᠳᠡᠭᠡᠭᠰᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠵᠦᠪᠬᠡᠨ 100% — | 110% ᠶᠢᠨ ᠳᠣᠲᠣᠷᠠᠬᠢ ᠬᠡᠰᠡᠭ ᠤᠨ 50% ᠶᠢ ᠯᠠ ᠳᠥᠯᠥᠨ᠎ᠡ᠃ 110% ᠠᠴᠠ ᠳᠡᠭᠡᠭᠰᠢᠬᠢ ᠬᠡᠰᠡᠭ ᠢ ᠴᠡᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠥᠪᠡᠷ ᠢᠶᠠᠨ ᠡᠭᠦᠷᠭᠡᠯᠡᠵᠦ᠂ ᠵᠠᠷᠣᠯᠭ᠎ᠠ ᠶᠢᠨ ᠬᠡᠲᠦᠷᠡᠭᠰᠡᠨ ᠬᠡᠰᠡᠭ ᠢ | ᠬᠤᠪᠢᠳᠡᠨ ᠡᠭᠦᠷᠭᠡᠯᠡᠭᠦ ᠪᠠᠷ ᠪᠤᠳᠤᠬᠤ ᠬᠡᠪᠴᠢᠶᠡᠨ ᠳᠤ ᠣᠷᠣᠭᠤᠯᠬᠤ ᠥᠬᠡᠶ᠃ | ︵ᠬᠤᠶᠠᠷ︶ DIP ᠬᠠᠮᠢᠶᠠᠷᠤᠯᠲᠠ ᠳᠤ ᠣᠷᠣᠭᠤᠯᠤᠭᠰᠠᠨ ᠥᠬᠡᠶ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠵᠢᠯ ᠤᠨ ᠬᠡᠲᠦᠷᠡᠭᠰᠡᠨ ᠵᠠᠷᠤᠯᠭ᠎ᠠ ᠶᠢ ᠬᠤᠪᠢᠳᠠᠨ ᠡᠭᠦᠷᠭᠡᠯᠡᠬᠦ ᠳᠤ ᠳᠣᠤᠷᠠᠬᠢ ᠪᠠᠷᠢᠮᠵᠢᠶ᠎ᠠ ᠪᠠᠷ | ᠬᠡᠷᠡᠭᠵᠢᠭᠦᠯᠦᠨ᠎ᠡ᠄ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠵᠤ ᠡᠮᠨᠡᠭᠦᠯᠬᠦ ᠶᠢᠨ | ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠠᠴᠠ ᠲᠦᠯᠦᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠶᠢ | ᠳᠡᠭᠡᠭᠰᠢ ᠪᠠᠨ ᠪᠣᠶᠣ ᠳᠣᠷᠣᠭᠰᠢ ᠪᠠᠨ 10% ᠬᠡᠯᠪᠡᠯᠵᠢᠬᠦᠯᠵᠤ ᠪᠣᠯᠤᠨ᠎ᠠ᠂ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠪᠣᠳᠠᠲᠠᠶ ᠡᠭᠦᠰᠣᠭ᠍ᠰᠡᠨ ᠡᠮᠨᠡᠯᠭᠡ ᠳᠤ ᠰᠠᠭᠤᠵᠤ ᠡᠮᠨᠡᠭᠦᠯᠬᠦ ᠶᠢᠨ ᠨᠢᠭᠡᠳᠦᠯᠲᠡᠶ ᠲᠦᠯᠦᠪᠯᠡᠭᠰᠡᠨ | ᠰᠠᠭᠤᠷᠢ ᠮᠥᠩᠭᠦ ᠶᠢᠨ ᠵᠠᠷᠤᠳᠠᠯ ᠨᠢ ᠲᠣᠭᠲᠠᠭᠰᠠᠨ ᠲᠣᠭᠠᠨ ᠤ ᠪᠠᠷᠢᠮᠵᠢᠶ᠎ᠠ ᠠᠴᠠ 10% — 15% ᠶᠢᠨ | ᠬᠤᠭᠤᠷᠣᠨᠳᠣ ᠬᠡᠲᠦᠷᠡᠭᠰᠡᠨ ᠪᠣᠯ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠲᠣᠰ ᠲᠣᠰ ᠪᠠᠷᠢᠮᠵᠢᠶ᠎ᠠ ᠠᠴᠠ | ᠬᠡᠲᠦᠷᠡᠭᠰᠡᠨ ᠬᠡᠰᠡᠭ ᠤᠨ 50% ᠶᠢ ᠡᠭᠦᠷᠭᠡᠯᠡᠨ᠎ᠡ︔ ᠲᠣᠭᠲᠠᠭᠰᠠᠨ ᠲᠣᠭᠠᠨ ᠤ ᠪᠠᠷᠢᠮᠵᠢᠶ᠎ᠠ ᠠᠴᠠ 15% ᠠᠴᠠ | ᠳᠡᠭᠡᠭᠰᠢ ᠬᠡᠲᠦᠷᠡᠭᠰᠡᠨ ᠬᠡᠰᠡᠭ ᠢ ᠴᠦᠮ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠡᠭᠦᠷᠭᠡᠯᠡᠨ᠎ᠡ᠃ | ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠣᠳᠠᠲᠠᠶ ᠡᠭᠦᠰᠣᠭ᠍ᠰᠡᠨ ᠡᠮᠨᠡᠯᠭᠡ ᠳᠤ ᠰᠠᠭᠤᠵᠤ | ᠡᠮᠨᠡᠭᠦᠯᠬᠦ ᠶᠢᠨ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠶᠢᠨ ᠵᠠᠷᠤᠳᠠᠯ ᠨᠢ ᠲᠣᠭᠲᠠᠭᠰᠠᠨ ᠲᠣᠭᠠᠨ ᠤ | ᠪᠠᠷᠢᠮᠵᠢᠶ᠎ᠠ ᠠᠴᠠ 10% — 15% ᠶᠢᠨ ᠬᠤᠭᠤᠷᠣᠨᠳᠣ ᠲᠣᠣᠷ᠎ᠡ ᠪᠠᠶᠢᠬᠤ ᠦᠯᠡᠳᠡᠭᠰᠡᠨ ᠵᠠᠷᠤᠳᠠᠯ ᠳᠤ᠂ | ᠦᠯᠡᠳᠡᠭᠰᠡᠨ ᠬᠡᠰᠡᠭ ᠤᠨ 50% ᠶᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠱᠠᠩᠨᠠᠨ᠎ᠡ︔ | ᠪᠣᠳᠠᠲᠠᠶ ᠡᠭᠦᠰᠣᠭ᠍ᠰᠡᠨ ᠨᠢᠭᠡᠳᠦᠯᠲᠡᠶ ᠲᠥᠯᠥᠪᠯᠡᠭᠡ ᠶᠢᠨ ᠰᠠᠭᠤᠷᠢ ᠮᠥᠩᠭᠦ ᠶᠢᠨ ᠵᠠᠷᠤᠳᠠᠯ ᠨᠢ ᠲᠣᠭᠲᠠᠭᠰᠠᠨ | ᠨᠣᠷᠮ᠎ᠠ ᠶᠢᠨ ᠪᠠᠷᠢᠮᠵᠢᠶ᠎ᠠ ᠠᠴᠠ 15% ᠭᠠᠷᠤᠢ ᠲᠣᠣᠷ᠎ᠡ ᠪᠠᠶᠢᠪᠡᠯ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠪᠣᠳᠠᠲᠠᠶ ᠡᠭᠦᠰᠣᠭ᠍ᠰᠡᠨ ᠡᠮᠴᠢᠯᠡᠭᠡᠨ ᠤ ᠵᠠᠷᠤᠳᠠᠯ ᠢᠶᠠᠷ | ᠳ᠋ᠦᠩᠨᠡᠨ ᠪᠤᠳᠤᠨ᠎ᠠ᠃ | ᠳᠥᠴᠢᠨ ᠲᠠᠪᠤᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠬᠥᠬᠡᠭᠴᠢᠨ ᠲᠥᠷᠥᠯ ᠤᠨ ᠡᠮ ᠤᠨ | ᠵᠦᠢᠯ ᠢ ᠬᠡᠷᠡᠭᠯᠡᠭᠰᠡᠨ ᠪᠠ ᠦᠨᠳᠦᠰᠦᠨ ᠡᠮᠴᠢᠯᠡᠭᠡᠨ ᠤ ᠳᠠᠭᠠᠳᠬᠠᠯ ᠢᠶᠠᠷ ᠬᠡᠰᠡᠭ ᠵᠠᠷᠤᠳᠠᠯ ᠢ ᠲᠥᠯᠥᠬᠦ ᠣᠨᠣᠰᠢᠯᠠᠨ | ᠡᠮᠨᠡᠬᠦ ᠲᠥᠷᠥᠯ ᠵᠦᠢᠯ ᠢᠶᠠᠷ ᠡᠮᠨᠡᠭᠦᠯᠦᠭᠰᠡᠨ ᠪᠣᠯ᠂ ᠠᠶᠤᠯᠲᠠᠢ ᠲᠦᠷᠭᠡᠨ ᠬᠦᠨᠳᠦ ᠡᠪᠡᠳᠴᠢᠨ ᠲᠠᠢ ᠳᠠᠭᠠᠳᠬᠠᠯ ᠳᠤ | ᠣᠷᠣᠯᠴᠠᠭᠰᠠᠳ ᠲᠦᠷᠭᠡᠨ ᠠᠪᠤᠷᠠᠬᠤ᠂ ᠪᠠᠴᠢᠮ ᠠᠪᠤᠷᠠᠬᠤ ᠬᠤᠭᠤᠴᠠᠭᠠᠨ ᠳᠤ ᠡᠮᠴᠢ ᠶᠢᠨ ᠵᠢᠭᠠᠪᠤᠷᠢ ᠪᠠᠷ ᠴᠢᠰᠤᠨ ᠤ | ᠪᠦᠲᠦᠭᠡᠭᠳᠡᠬᠦᠨ᠂ ᠤᠭᠤᠷᠠᠭ ᠤᠨ ᠲᠥᠷᠥᠯ ᠤᠨ ᠪᠦᠲᠦᠭᠡᠭᠳᠡᠬᠦᠨ ᠢ ᠬᠡᠷᠡᠭᠯᠡᠭᠰᠡᠨ ᠪᠣᠯ᠂ ᠲᠡᠷᠡ ᠬᠦ ᠵᠠᠷᠤᠳᠠᠯ ᠢ ᠴᠥᠮ | ᠲᠣᠰ ᠬᠥᠮᠦᠨ 10% ᠶᠢ ᠨᠢ ᠳᠥᠯᠥᠵᠦ᠂ ᠦᠯᠡᠳᠡᠭᠰᠡᠨ 90% ᠶᠢ ᠨᠢ ᠨᠢᠭᠡᠳᠦᠯᠲᠡᠶ ᠲᠦᠯᠦᠪᠯᠡᠬᠦ ᠰᠠᠭᠤᠷᠢ | ᠮᠥᠩᠭᠦ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠ ᠬᠤᠪᠢ | ᠬᠥᠮᠦᠨ ᠲᠣᠭᠲᠠᠭᠠᠭᠰᠠᠨ ᠬᠠᠷᠢᠴᠠᠯ ᠢᠶᠠᠷ ᠳᠥᠯᠥᠨ᠎ᠡ᠃ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠥᠪᠡᠷ ᠢᠶᠠᠨ ᠳᠥᠯᠥᠬᠦ ᠬᠠᠷᠢᠴᠠᠯ ᠢ ᠥᠪᠡᠷᠲᠡᠭᠡᠨ | ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ | ᠦᠯᠡᠳᠡᠭᠰᠡᠨ ᠬᠡᠰᠡᠭ ᠢ ᠨᠢ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ᠂ ᠠᠵᠢᠯᠲᠠᠨ ᠠᠵᠢᠯᠴᠢᠨ ᠤ ᠶᠡᠭᠡ ᠲᠣᠭᠠᠨ ᠤ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠ ᠬᠤᠪᠢ ᠬᠥᠮᠦᠨ ᠲᠣᠭᠲᠠᠭᠠᠭᠰᠠᠨ ᠬᠠᠷᠢᠴᠠᠯ ᠢᠶᠠᠷ ᠳᠥᠯᠥᠨ᠎ᠡ᠃ | ᠳᠥᠴᠢᠨ ᠵᠢᠷᠭᠤᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠤᠨ ᠲᠣᠰ ᠱᠠᠲᠤᠨ ᠤ ᠴᠡᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠰᠬᠡᠭᠰᠡᠨ ᠲᠦᠷᠭᠡᠨ ᠡᠮᠴᠢᠯᠡᠭᠡᠨ ᠤ ᠵᠠᠷᠤᠳᠠᠯ ︵ᠭᠤᠷᠪᠠᠨ | ᠡᠳᠦᠷ ᠤᠨ ᠲᠣᠳᠣᠷ᠎ᠡ ᠪᠠᠶᠢᠬᠤ ᠪᠠᠷ ᠬᠢᠵᠠᠭᠠᠷᠯᠠᠨ᠎ᠠ︶ ᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠠᠴᠠ | ᠲᠣᠭᠲᠠᠭᠠᠭᠰᠠᠨ ᠪᠠᠷᠢᠮᠵᠢᠶ᠎ᠠ ᠶᠣᠰᠣᠭᠠᠷ ᠰᠢᠭᠤᠳ ᠳ᠋ᠦᠩᠨᠡᠨ ᠪᠤᠳᠤᠬᠤ ᠶᠢ ᠬᠠᠷᠢᠭᠤᠴᠠᠨ᠎ᠠ᠃ | ᠳᠠᠭᠠᠳᠬᠠᠯ ᠳᠤ ᠣᠷᠣᠯᠴᠠᠭᠰᠠᠳ ᠤᠨ ᠥᠪᠡᠷᠲᠡᠭᠡᠨ ᠵᠠᠰᠠᠬᠤ ᠣᠷᠣᠨ ᠤ ᠭᠠᠳᠠᠨ᠎ᠠ ᠠᠯᠪᠠᠨ ᠶᠠᠪᠤᠳᠠᠯ ᠢᠶᠠᠷ | ᠭᠠᠳᠠᠭᠰᠢ ᠭᠠᠷᠤᠭᠰᠠᠨ ᠪᠤᠶᠤ ᠲᠥᠷᠥᠯ ᠰᠠᠳᠤᠨ ᠢᠶᠠᠨ ᠡᠷᠭᠢᠵᠦ ᠦᠵᠡᠬᠦ ᠬᠤᠭᠤᠴᠠᠭᠠᠨ ᠳᠤ ᠡᠭᠦᠰᠬᠡᠭᠰᠡᠨ | ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠨᠡᠯᠭᠡ ᠳᠤ ᠰᠠᠭᠤᠭᠰᠠᠨ ᠪᠤᠶᠤ ᠪᠠᠴᠢᠮ ᠠᠪᠤᠷᠠᠯᠳᠠ ᠬᠢᠭᠰᠡᠨ | ᠡᠮᠴᠢᠯᠡᠭᠡᠨ ᠤ ᠵᠠᠷᠤᠳᠠᠯ ᠢ ᠤᠷᠢᠳ ᠢᠶᠠᠷ ᠳᠠᠭᠠᠳᠬᠠᠯ ᠳᠤ ᠣᠷᠣᠯᠴᠠᠭᠰᠠᠨ ᠨᠢᠭᠡᠴᠢ ᠪᠤᠶᠤ ᠬᠤᠪᠢ ᠬᠥᠮᠦᠨ ᠣᠷᠣᠯᠠᠨ | ᠥᠭᠴᠦ᠂ ᠣᠨᠣᠰᠢᠯᠠᠨ ᠡᠮᠨᠡᠵᠦ ᠳᠠᠭᠤᠰᠤᠭᠰᠠᠨ ᠤ ᠳᠠᠷᠠᠭ᠎ᠠ ᠡᠮᠨᠡᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠶᠢᠨ | ᠡᠪᠡᠳᠴᠢᠨ ᠤ ᠲᠡᠮᠲᠡᠭᠯᠡᠯ ᠤᠨ ᠮᠠᠲ᠋ᠧᠷᠢᠶᠠᠯ᠂ ᠣᠨᠣᠰᠢᠯᠠᠭᠰᠠᠨ ᠭᠡᠷᠡᠴᠢᠯᠡᠭᠡ᠂ ᠡᠮᠴᠢᠯᠡᠭᠡᠨ ᠤ ᠵᠠᠷᠤᠳᠠᠯ ᠤᠨ ᠪᠠᠷᠢᠮᠲᠠ᠂ | ᠵᠠᠷᠤᠳᠠᠯ ᠤᠨ ᠲᠣᠳᠣᠷᠬᠠᠢ ᠬᠠᠭᠤᠳᠠᠰᠤ ᠵᠡᠷᠭᠡ ᠬᠦᠴᠦᠨ ᠪᠥᠬᠦᠶ ᠭᠡᠷᠡᠴᠢ ᠪᠠᠷᠢᠮᠲᠠ ᠪᠠᠨ ᠠᠪᠴᠤ᠂ ᠡᠮᠴᠢᠯᠡᠭᠡᠨ ᠤ | ᠳᠠᠭᠠᠳᠬᠠᠯ ᠤᠨ ᠭᠠᠷᠲᠠᠨ ᠭᠦᠢᠴᠡᠳᠬᠡᠬᠦ ᠴᠣᠩᠬᠤᠪᠴᠢ ᠳᠤ ᠬᠦᠷᠴᠦ ᠲᠠᠩᠰᠠ ᠲᠠᠶᠢᠯᠬᠤ ᠭᠠᠷᠳᠠᠮ ᠭᠦᠢᠴᠡᠳᠭᠡᠨ᠎ᠡ᠃ | ᠥᠪᠡᠷᠲᠡᠭᠡᠨ ᠵᠠᠰᠠᠬᠤ ᠣᠷᠣᠨ ᠤ ᠭᠠᠳᠠᠨ᠎ᠠ ᠡᠭᠦᠰᠬᠡᠭᠰᠡᠨ ᠡᠮᠨᠡᠯᠭᠡ ᠳᠤ ᠰᠠᠭᠤᠭᠰᠠᠨ ᠡᠮᠴᠢᠯᠡᠭᠡᠨ ᠤ | ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠢ ᠲᠣᠰ ᠭᠠᠵᠠᠷ ᠤᠨ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ | ᠲᠠᠶᠢᠯᠬᠤ ᠪᠠᠷᠢᠮᠵᠢᠶ᠎ᠠ ᠶᠢᠨ ᠰᠠᠭᠤᠷᠢᠨ ᠳᠡᠭᠡᠷ᠎ᠡ 5% ᠪᠠᠷ ᠪᠠᠭᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ | ᠳᠣᠲᠣᠷ᠎ᠠ ᠡᠭᠦᠰᠬᠡᠭᠰᠡᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠲᠣᠰ ᠭᠠᠵᠠᠷ ᠤᠨ ᠡᠮᠨᠡᠯᠭᠡ ᠳᠤ | ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ | ᠳᠥᠴᠢᠨ ᠳᠣᠯᠣᠳᠤᠭᠠᠷ ᠵᠦᠢᠯ ᠮᠤᠵᠢ ᠠᠯᠤᠰᠯᠠᠨ ᠲᠦᠷ ᠴᠠᠭ ᠣᠨᠳᠣᠣ ᠭᠠᠵᠠᠷ ᠲᠤ ᠡᠮᠨᠡᠭᠦᠯᠭᠦ ᠪᠠᠷ | ᠪᠦᠷᠢᠳᠭᠡᠨ ᠳᠠᠩᠰᠠᠯᠠᠭᠤᠯᠤᠭᠰᠠᠨ ᠳᠠᠭᠠᠳᠬᠠᠯ ᠳᠤ ᠣᠷᠣᠯᠴᠠᠭᠰᠠᠳ ᠤᠨ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠡᠭᠦᠰᠬᠡᠭᠰᠡᠨ ᠡᠮᠴᠢᠯᠡᠭᠡᠨ ᠤ ᠵᠠᠷᠤᠳᠠᠯ ᠢ ᠴᠠᠭ ᠲᠤᠬᠠᠶ ᠳᠤ ᠨᠢ ᠳ᠋ᠦᠩᠨᠡᠨ ᠪᠣᠳᠣᠨ᠎ᠡ᠂ ᠴᠠᠭ | ᠲᠤᠬᠠᠶ ᠳᠤ ᠨᠢ ᠳ᠋ᠦᠩᠨᠡᠨ ᠪᠤᠳᠤᠬᠰᠠᠨ ᠦᠭᠡᠢ ᠡᠮᠴᠢᠯᠡᠭᠡᠨ ᠤ ᠵᠠᠷᠤᠳᠠᠯ ᠢ ᠲᠤᠰ ᠬᠥᠮᠦᠨ ᠣᠷᠣᠯᠠᠨ ᠦᠭᠴᠦ᠂ | ᠣᠨᠣᠰᠢᠯᠠᠨ ᠡᠮᠨᠡᠵᠦ ᠳᠠᠭᠤᠰᠤᠭᠰᠠᠨ ᠤ ᠲᠠᠷᠠᠭ᠎ᠠ ᠵᠠᠷᠤᠳᠠᠯ ᠢ ᠲᠠᠰᠤᠯᠤᠨ ᠪᠤᠳᠤᠭᠰᠠᠨ ᠪᠠᠷᠢᠮᠲᠠ᠂ ᠵᠠᠷᠤᠳᠠᠯ ᠤᠨ | ᠨᠠᠷᠢᠨ ᠳᠠᠩᠰᠠ᠂ ᠣᠨᠣᠰᠢᠯᠠᠭᠰᠠᠨ ᠪᠢᠴᠢᠭ ᠢᠶᠠᠨ ᠬᠠᠩᠭᠠᠵᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ | ᠴᠣᠩᠬᠤᠪᠴᠢ ᠳᠤ ᠬᠦᠷᠴᠦ ᠲᠠᠩᠰᠠ ᠲᠠᠶᠢᠯᠬᠤ ᠭᠠᠷᠳᠠᠮ ᠭᠦᠢᠴᠡᠳᠭᠡᠨ᠎ᠡ᠃ | ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠢ ᠲᠣᠰ ᠭᠠᠵᠠᠷ ᠤᠨ | ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠪᠠᠷᠢᠮᠵᠢᠶ᠎ᠠ ᠶᠢᠨ ᠰᠠᠭᠤᠷᠢᠨ ᠳᠡᠭᠡᠷ᠎ᠡ 5% ᠪᠠᠷ | ᠪᠠᠭᠤᠷᠠᠭᠤᠯᠤᠨ᠎ᠠ᠃ | ᠳᠥᠴᠢᠨ ᠨᠠᠢᠮᠠᠳᠤᠭᠠᠷ ᠵᠦᠢᠯ ᠮᠤᠵᠢ ᠠᠯᠤᠰᠯᠠᠨ ᠤᠷᠳᠤ ᠬᠤᠭᠤᠴᠠᠭ᠎ᠠ ᠪᠠᠷ ᠣᠨᠳᠣᠣ ᠭᠠᠵᠠᠷ ᠲᠤ | ᠰᠠᠭᠤᠷᠢᠰᠢᠬᠤ ᠪᠠᠷ ᠪᠦᠷᠢᠳᠭᠡᠨ ᠳᠠᠩᠰᠠᠯᠠᠭᠤᠯᠤᠭᠰᠠᠨ ᠳᠠᠭᠠᠳᠬᠠᠯ ᠳᠤ ᠣᠷᠣᠯᠴᠠᠭᠰᠠᠳ ᠤᠨ ᠡᠮᠨᠡᠭᠦᠯᠦᠭᠰᠡᠨ | ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠮᠨᠡᠭᠦᠯᠵᠦ | ᠡᠮ ᠵᠠᠯᠠᠬᠤ ᠳᠤ ᠡᠭᠦᠰᠬᠡᠭᠰᠡᠨ ᠲᠣᠭᠲᠠᠭᠠᠯ ᠳᠤ ᠨᠡᠶᠢᠴᠡᠭᠰᠡᠨ ᠡᠮᠴᠢᠯᠡᠭᠡᠨ ᠤ ᠵᠠᠷᠤᠳᠠᠯ ᠢ ᠲᠠᠩᠰᠠ ᠲᠠᠶᠢᠯᠬᠤ | ᠬᠡᠪᠴᠢᠶᠡᠨ ᠳᠤ ᠣᠷᠣᠭᠤᠯᠤᠨ᠎ᠠ᠃ ᠡᠭᠦᠨ ᠠᠴᠠ ᠪᠣᠯᠤᠭᠰᠠᠨ ᠡᠮᠴᠢᠯᠡᠭᠡᠨ ᠤ ᠵᠠᠷᠤᠳᠠᠯ ᠢ ᠴᠠᠭ ᠲᠤᠬᠠᠶ ᠳᠤ ᠨᠢ | ᠳ᠋ᠦᠩᠨᠡᠨ ᠪᠣᠳᠣᠨ᠎ᠡ᠂ ᠴᠠᠭ ᠲᠤᠬᠠᠶ ᠳᠤ ᠨᠢ ᠳ᠋ᠦᠩᠨᠡᠨ ᠪᠤᠳᠤᠵᠤ ᠳᠡᠶᠢᠯᠦᠭᠰᠡᠨ ᠥᠬᠡᠶ ᠡᠮᠴᠢᠯᠡᠭᠡᠨ ᠤ ᠵᠠᠷᠤᠳᠠᠯ ᠢ | ᠲᠣᠰ ᠬᠥᠮᠦᠨ ᠣᠷᠣᠯᠠᠨ ᠥᠭᠴᠦ᠂ ᠡᠮᠨᠡᠭᠦᠯᠵᠦ ᠳᠠᠭᠤᠰᠤᠭᠰᠠᠨ ᠤ ᠳᠠᠷᠠᠭ᠎ᠠ ᠬᠦᠴᠦᠨ ᠪᠥᠬᠦᠶ ᠭᠡᠷᠡᠴᠢ | ᠪᠠᠷᠢᠮᠲᠠ ᠪᠠᠨ ᠠᠪᠴᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠴᠣᠩᠬᠤᠪᠴᠢ ᠳᠤ ᠬᠦᠷᠴᠦ ᠲᠠᠩᠰᠠ | ᠲᠠᠶᠢᠯᠬᠤ ᠭᠠᠷᠳᠠᠮ ᠭᠦᠢᠴᠡᠳᠭᠡᠨ᠎ᠡ᠃ ᠡᠭᠦᠰᠣᠭ᠍ᠰᠡᠨ ᠡᠮᠴᠢᠯᠡᠭᠡᠨ ᠤ ᠵᠠᠷᠤᠳᠠᠯ ᠢ ᠳᠠᠭᠠᠳᠬᠠᠯ ᠳᠤ ᠣᠷᠣᠯᠴᠠᠭᠰᠠᠨ | ᠭᠠᠵᠠᠷ ᠤᠨ ᠲᠠᠩᠰᠠ ᠲᠠᠶᠢᠯᠬᠤ ᠬᠠᠷᠢᠴᠠᠯ ᠢᠶᠠᠷ ᠬᠡᠷᠡᠭᠵᠢᠭᠦᠯᠦᠨ᠎ᠡ᠃ | ᠳᠥᠴᠢ ᠶᠢᠰᠦᠳᠦᠭᠡᠷ ᠵᠦᠢᠯ ᠳᠠᠭᠠᠳᠬᠠᠯ ᠳᠤ ᠣᠷᠣᠯᠴᠠᠭᠰᠠᠳ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠬᠠᠷᠢᠴᠠᠭ᠎ᠠ ᠪᠠᠨ ᠲᠠᠰᠤᠯᠳᠠᠭᠤᠯᠤᠭᠠᠳ 6 ᠰᠠᠷ᠎ᠠ ︵ᠪᠠᠭᠲᠠᠭᠠᠨ᠎ᠠ︶ ᠶᠢᠨ ᠳᠣᠲᠣᠷ᠎ᠠ ᠬᠠᠷᠢᠴᠠᠭ᠎ᠠ ᠪᠠᠨ | ᠦᠷᠭᠦᠯᠵᠢᠯᠡᠭᠦᠯᠦᠭᠰᠡᠨ ᠪᠣᠯ᠂ ᠲᠠᠰᠣᠯᠳᠠᠭᠤᠯᠣᠭᠰᠠᠨ ᠬᠤᠭᠤᠴᠠᠭᠠᠨ ᠳᠠᠬᠢ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠵᠠᠷᠤᠳᠠᠯ ᠢᠶᠠᠨ ᠨᠥᠬᠦᠨ ᠲᠤᠰᠢᠶᠠᠵᠤ᠂ ᠨᠥᠬᠦᠨ ᠲᠤᠰᠢᠶᠠᠭᠰᠠᠨ ᠲᠤᠰ ᠰᠠᠷ᠎ᠠ ᠳᠤ ᠪᠠᠨ | ᠡᠮᠴᠢᠯᠡᠭᠡᠨ ᠤ ᠬᠠᠷᠠᠭᠠᠯᠵᠠᠯ ᠬᠦᠷᠳᠡᠵᠤ ᠪᠣᠯᠤᠨ᠎ᠠ᠂ ᠲᠠᠰᠣᠯᠳᠠᠭᠤᠯᠣᠭᠰᠠᠨ ᠬᠤᠭᠤᠴᠠᠭᠠᠨ ᠤ ᠬᠠᠷᠠᠭᠠᠯᠵᠠᠯ ᠢ | ᠲᠣᠭᠲᠠᠭᠠᠯ ᠶᠣᠰᠣᠭᠠᠷ ᠨᠡᠬᠡᠮᠵᠢᠯᠡᠨ ᠬᠦᠷᠳᠡᠵᠤ᠂ ᠬᠠᠷᠢᠴᠠᠯ ᠶᠣᠰᠣᠭᠠᠷ ᠬᠤᠪᠢ ᠬᠥᠮᠦᠨ ᠤ ᠲᠠᠩᠰᠠᠨ ᠡᠷᠦᠭᠡ ᠳᠤ | ᠰᠢᠯᠵᠢᠭᠦᠯᠦᠨ ᠥᠭᠴᠦ᠂ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠶᠢ ᠦᠷᠭᠦᠯᠵᠢᠯᠡᠭᠦᠯᠣᠨ ᠪᠤᠳᠤᠵᠤ ᠪᠣᠯᠤᠨ᠎ᠠ︔ | 6 ᠰᠠᠷ᠎ᠠ ᠠᠴᠠ ᠳᠡᠭᠡᠭᠰᠢ ᠵᠠᠷᠤᠳᠠᠯ ᠲᠤᠰᠢᠶᠠᠬᠤ ᠪᠠᠨ ᠲᠠᠰᠤᠯᠳᠠᠭᠤᠯᠤᠭᠰᠠᠨ ᠤ ᠳᠠᠷᠠᠭ᠎ᠠ ᠡᠮᠴᠢᠯᠡᠭᠡᠨ ᠤ | ᠳᠠᠭᠠᠳᠬᠠᠯ ᠤᠨ ᠬᠠᠷᠢᠴᠠᠭ᠎ᠠ ᠪᠠᠨ ᠦᠷᠭᠦᠯᠵᠢᠯᠡᠭᠦᠯᠦᠭᠰᠡᠨ ᠪᠣᠯ᠂ ᠲᠠᠰᠤᠯᠳᠠᠭᠤᠯᠤᠭᠰᠠᠨ ᠬᠤᠭᠤᠴᠠᠭᠠᠨ ᠳᠤ | ᠡᠭᠦᠰᠣᠭ᠍ᠰᠡᠨ ᠡᠮᠴᠢᠯᠡᠭᠡᠨ ᠤ ᠵᠠᠷᠤᠳᠠᠯ ᠢ ᠳᠠᠩᠰᠠᠨ ᠠᠴᠠ ᠲᠠᠶᠢᠯᠵᠤ ᠥᠭᠬᠦ ᠦᠭᠡᠢ᠃ | ᠲᠠᠪᠢᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ | ᠮᠥᠩᠭᠦ ᠪᠠᠷ ᠳ᠋ᠦᠩᠨᠡᠨ ᠪᠤᠳᠤᠭᠰᠠᠨ ᠡᠮᠴᠢᠯᠡᠭᠡᠨ ᠤ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ | ᠳᠠᠭᠢᠵᠤ ᠲᠠᠩᠰᠠ ᠲᠠᠶᠢᠯᠵᠤ ᠥᠭᠬᠦ ᠥᠬᠡᠶ᠃ | ᠲᠠᠪᠢᠨ ᠨᠢᠭᠡᠳᠦᠭᠡᠷ ᠵᠦᠢᠯ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ | ᠬᠠᠮᠢᠶᠠᠷᠤᠯᠲᠠ ᠶᠢ ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠳ ᠤᠨ ᠵᠦᠶ ᠶᠣᠰᠣᠨ ᠤ ᠡᠷᠬᠡ ᠠᠰᠢᠭ ᠢ | ᠬᠠᠮᠠᠭᠠᠯᠠᠬᠤ ᠶᠢᠨ ᠲᠤᠰᠠᠳᠠ᠂ ᠡᠮᠴᠢᠯᠡᠭᠡᠨ ᠤ ᠵᠠᠷᠤᠳᠠᠯ ᠤᠨ ᠪᠠᠷᠢᠮᠲᠠ ᠪᠠᠨ ᠭᠡᠭᠡᠭᠰᠡᠨ ᠠᠴᠠ ᠪᠣᠯᠵᠣ ᠡᠮᠴᠢᠯᠡᠭᠡᠨ ᠤ | ᠵᠠᠷᠤᠳᠠᠯ ᠢ ᠲᠠᠩᠰᠠ ᠲᠠᠶᠢᠯᠬᠤ ᠶᠢᠨ ᠠᠷᠭ᠎ᠠ ᠥᠬᠡᠶ ᠪᠣᠯᠣᠭᠰᠠᠨ ᠪᠣᠯ᠂ ᠳᠠᠭᠠᠳᠬᠠᠯ ᠳᠤ ᠣᠷᠣᠯᠴᠠᠭᠰᠠᠳ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠨ ᠠᠵᠢᠯᠲᠠᠨ ᠠᠵᠢᠯᠴᠢᠨ ᠤ ᠭᠡᠭᠡᠭᠳᠡᠭᠰᠡᠨ ᠡᠮᠴᠢᠯᠡᠭᠡᠨ ᠤ ᠵᠠᠷᠤᠳᠠᠯ ᠤᠨ ᠪᠠᠷᠢᠮᠲᠠ ᠪᠠᠨ ᠬᠠᠷᠭᠤᠭᠤᠯᠬᠤ | ᠬᠠᠭᠤᠳᠠᠰᠤ︾ ︵ᠳᠠᠭᠠᠯᠳᠤᠭᠤᠯᠤᠯ ᠢ ᠦᠵᠡ︶ ᠪᠠᠨ ᠠᠪᠴᠤ ᠴᠠᠭ ᠲᠤᠬᠠᠶ ᠳᠤ ᠨᠢ ᠣᠨᠣᠰᠢᠯᠠᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠪᠠᠷᠢᠮᠲᠠ ᠪᠠᠨ ᠭᠡᠭᠡᠭᠰᠡᠨ ᠭᠡᠷᠡᠴᠢ ᠶᠢ ᠭᠦᠢᠴᠡᠳᠬᠡᠨ᠎ᠡ᠃ ᠡᠮᠴᠢᠯᠡᠭᠡᠨ ᠤ | ᠵᠠᠷᠤᠳᠠᠯ ᠡᠭᠦᠰᠣᠭ᠍ᠰᠡᠨ ᠳᠠᠷᠠᠭᠠᠴᠢ ᠶᠢᠨ ᠵᠢᠯ ᠤᠨ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠨ ᠠᠵᠢᠯᠲᠠᠨ ᠠᠵᠢᠯᠴᠢᠨ ᠤ ᠭᠡᠭᠡᠭᠳᠡᠭᠰᠡᠨ ᠡᠮᠴᠢᠯᠡᠭᠡᠨ ᠤ ᠵᠠᠷᠤᠳᠠᠯ ᠤᠨ ᠪᠠᠷᠢᠮᠲᠠ ᠪᠠᠨ ᠬᠠᠷᠭᠤᠭᠤᠯᠬᠤ | ᠬᠠᠭᠤᠳᠠᠰᠤ︾᠂ ᠣᠨᠣᠰᠢᠯᠠᠭᠰᠠᠨ ᠭᠡᠷᠡᠴᠢ ᠪᠢᠴᠢᠭ᠂ ᠵᠠᠷᠤᠳᠠᠯ ᠤᠨ ᠨᠠᠷᠢᠨ ᠳᠠᠩᠰᠠ᠂ ᠡᠪᠡᠳᠴᠢᠨ ᠤ ᠲᠡᠮᠲᠡᠭᠯᠡᠯ ᠤᠨ | ᠮᠠᠲ᠋ᠧᠷᠢᠶᠠᠯ ᠢᠶᠠᠨ ᠠᠪᠴᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠴᠣᠩᠬᠤᠪᠴᠢ ᠳᠤ ᠬᠦᠷᠴᠦ | ᠬᠦᠮᠣᠨ ᠤ ᠭᠦᠴᠣ ᠪᠠᠷ ᠵᠢᠵᠢᠭ ᠰᠠᠵᠢᠭ ᠲᠠᠩᠰᠠ ᠲᠠᠶᠢᠯᠤᠨ᠎ᠠ᠃ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ | ᠡᠮᠴᠢᠯᠡᠭᠡᠨ ᠤ ᠵᠠᠷᠤᠳᠠᠯ ᠤᠨ ᠪᠠᠷᠢᠮᠲᠠ ᠪᠠᠨ ᠭᠡᠭᠡᠭᠰᠡᠨ ᠳᠠᠭᠠᠳᠬᠠᠯ ᠳᠤ ᠣᠷᠣᠯᠴᠠᠭᠰᠠᠳ ᠤᠨ ᠭᠤᠶᠤᠴᠢᠯᠠᠨ | ᠮᠡᠳᠡᠭᠦᠯᠦᠭᠰᠡᠨ ᠡᠮᠴᠢᠯᠡᠭᠡᠨ ᠤ ᠵᠠᠷᠤᠳᠠᠯ ᠳᠤ ᠡᠬᠡ ᠲᠠᠩᠰᠠ ᠪᠠᠶᠢᠭᠤᠯᠵᠤ᠂ ᠬᠠᠷᠭᠤᠭᠤᠯᠤᠨ ᠪᠠᠶᠢᠴᠠᠭᠠᠬᠤ ᠠᠵᠢᠯ ᠢ | ᠬᠢᠨᠠᠮᠠᠭᠠᠶ ᠰᠠᠶᠢᠲᠤᠷ ᠬᠢᠬᠦ ᠶᠢᠨ ᠬᠠᠮᠲᠤ ᠲᠣᠭᠲᠠᠭᠠᠯ ᠶᠣᠰᠣᠭᠠᠷ ᠵᠠᠷᠤᠳᠠᠯ ᠢ ᠬᠢᠨᠠᠨ ᠬᠠᠷᠭᠤᠭᠤᠯᠬᠤ ᠪᠠ ᠳ᠋ᠦᠩᠨᠡᠨ | ᠪᠤᠳᠤᠬᠤ ᠠᠵᠢᠯ ᠬᠢᠨ᠎ᠡ᠃ | ᠲᠠᠪᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠳᠠᠨ | ᠭᠦᠢᠴᠡᠳᠬᠡᠬᠦ ᠪᠠᠶᠢᠭᠤᠯᠤᠮᠵᠢ ᠨᠢ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠪᠣᠯᠤᠨ ᠬᠤᠪᠢ ᠬᠥᠮᠦᠨ ᠤ ᠲᠠᠩᠰᠠᠨ | ᠡᠷᠥᠭᠡ ᠶᠢᠨ ᠰᠠᠭᠤᠷᠢ ᠮᠥᠩᠭᠦ ᠶᠢ ᠲᠤᠰ ᠲᠤᠰ ᠲᠤ ᠨᠢ ᠬᠠᠮᠢᠶᠠᠷᠴᠤ᠂ ᠲᠤᠰ ᠲᠤᠰ ᠤᠨ ᠲᠦᠯᠣᠭᠦ | ᠬᠡᠪᠴᠢᠶᠠᠨ ᠳᠤ ᠨᠢ ᠳ᠋ᠦᠩᠨᠡᠨ ᠪᠣᠳᠣᠵᠣ᠂ ᠬᠠᠷᠢᠯᠴᠠᠨ ᠰᠢᠬᠠᠨ ᠡᠵᠡᠯᠡᠵᠦ ᠪᠣᠯᠬᠤ ᠥᠭᠡᠢ᠃ | ᠲᠠᠪᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠳᠠᠨ | ᠭᠦᠢᠴᠡᠳᠬᠡᠬᠦ ᠪᠠᠶᠢᠭᠤᠯᠤᠮᠵᠢ ᠨᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠵᠦᠪᠯᠡᠯᠴᠡᠬᠡᠷ ᠢ ᠭᠦᠢᠴᠡᠳᠬᠡᠭᠰᠡᠨ ᠪᠠᠶᠢᠳᠠᠯ ᠢ ᠨᠢ ᠵᠢᠯ ᠪᠦᠷᠢ | ᠰᠢᠯᠭᠠᠨ ᠬᠢᠨᠠᠬᠤ ᠬᠡᠷᠡᠭᠲᠡᠶ᠃ ᠰᠢᠯᠭᠠᠨ ᠬᠢᠨᠠᠬᠤ ᠳᠤ ᠬᠢᠷᠢ ᠲᠡᠩᠴᠡᠭᠰᠡᠨ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠡᠩ ᠤᠨ ᠡᠮᠨᠡᠯᠭᠡ ᠳᠤ ᠰᠠᠭᠤᠵᠤ ᠡᠮᠨᠡᠭᠦᠯᠬᠦ ᠶᠢᠨ ᠨᠢᠭᠡᠳᠦᠯᠲᠡᠶ ᠲᠦᠯᠦᠪᠯᠡᠭᠰᠡᠨ ᠰᠠᠭᠤᠷᠢ | ᠮᠥᠩᠭᠦ ᠶᠢᠨ ᠦᠯᠡᠳᠡᠭᠰᠡᠨ ᠬᠡᠰᠡᠭ ᠢ ᠨᠢ ᠬᠠᠷᠢᠴᠠᠯ ᠶᠣᠰᠣᠭᠠᠷ ᠣᠯᠭᠤᠨ᠎ᠠ︔ ᠬᠢᠷᠢ ᠲᠡᠩᠴᠡᠭᠰᠡᠨ ᠦᠭᠡᠢ ᠪᠣᠯ᠂ | ᠵᠦᠪᠯᠡᠯᠴᠡᠬᠡᠷ ᠶᠣᠰᠣᠭᠠᠷ ᠬᠠᠰᠤᠵᠤ ᠭᠠᠷᠭᠠᠨ᠎ᠠ᠃ | ᠲᠠᠪᠤᠳᠤᠭᠠᠷ ᠪᠦᠯᠦᠭ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ | ᠬᠥᠮᠦᠨ ᠤ ᠳᠠᠩᠰᠠᠨ ᠡᠷᠦᠬᠡ | ᠲᠠᠪᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠳᠠᠨ | ᠭᠦᠢᠴᠡᠳᠬᠡᠬᠦ ᠪᠠᠶᠢᠭᠤᠯᠤᠮᠵᠢ ᠨᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢᠶᠠᠷ | ᠳᠠᠮᠵᠢᠭᠤᠯᠤᠨ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠨᠤᠮᠧᠷ᠂ ᠨᠢᠭᠡᠴᠢ ᠶᠢᠨ ᠤᠷᠤᠯᠠᠬᠤ ᠨᠤᠮᠧᠷ ᠢᠶᠠᠷ | ᠲᠤᠰ ᠱᠠᠲᠤᠨ ᠤ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ | ᠬᠥᠮᠦᠨ ᠤ ᠳᠠᠩᠰᠠᠨ ᠡᠷᠦᠬᠡ ᠶᠢᠨ ᠴᠤᠷ ᠤᠨ ᠭᠠᠭᠴᠠ ᠢᠯᠭᠠᠬᠤ ᠲᠡᠮᠳᠡᠭ ᠪᠣᠯᠭᠠᠬᠤ ᠶᠢᠨ ᠬᠠᠮᠲᠤ ᠲᠡᠭᠦᠨ ᠤ | ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ᠲᠠᠪᠢᠨ ᠲᠠᠪᠤᠳᠤᠭᠠᠷ ᠵᠦᠢᠯ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ | ᠡᠷᠦᠬᠡ ᠳᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ᠂ ᠨᠡᠶᠢᠭᠡᠮ ᠤᠨ ᠪᠠᠲᠤᠯᠠᠭ᠎ᠠ ᠶᠢᠨ ᠺᠠᠷᠲ | ᠵᠡᠷᠭᠡ ᠬᠠᠮᠢᠶᠠᠷᠤᠯᠲᠠ ᠶᠢ ᠬᠡᠷᠡᠭᠯᠡᠨ᠎ᠡ᠃ | ᠲᠠᠪᠢᠨ ᠵᠢᠷᠭᠤᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠬᠡᠷᠪᠡ ᠠᠵᠢᠯ ᠤᠨ ᠪᠠᠶᠢᠷᠢ ᠪᠠᠨ ᠰᠣᠯᠢᠬᠤ | ᠰᠠᠯᠭᠠᠨ ᠲᠣᠬᠢᠷᠠᠭᠤᠯᠬᠤ᠂ ᠠᠵᠢᠯ ᠠᠴᠠ ᠪᠠᠨ ᠪᠠᠭᠤᠵᠤ ᠠᠮᠠᠷᠠᠬᠤ ᠵᠡᠷᠭᠡ ᠣᠨᠴᠠᠭᠠᠢ ᠪᠠᠶᠢᠳᠠᠯ ᠲᠣᠬᠢᠶᠠᠯᠳᠤᠪᠠᠯ᠂ | ᠠᠷᠪᠠᠨ ᠬᠤᠶᠠᠳᠤᠭᠠᠷ ᠵᠦᠢᠯ ᠤᠨ ᠬᠤᠯᠪᠣᠭᠳᠠᠯ ᠪᠥᠬᠦᠢ ᠲᠣᠭᠲᠠᠭᠠᠯ ᠢ ᠦᠨᠳᠦᠰᠦᠯᠡᠨ ᠬᠤᠪᠢ ᠬᠥᠮᠦᠨ ᠤ ᠲᠠᠩᠰᠠᠨ | ᠡᠷᠥᠭᠡ ᠶᠢ ᠰᠢᠯᠵᠢᠭᠦᠯᠵᠣ ᠦᠭᠭᠦᠨ᠎ᠡ᠃ | ᠲᠠᠪᠢᠨ ᠳᠣᠯᠣᠳᠤᠭᠠᠷ ᠵᠦᠢᠯ ᠳᠠᠭᠠᠳᠬᠠᠯ ᠳᠤ ᠣᠷᠣᠯᠴᠠᠭᠰᠠᠨ ᠬᠦᠮᠦᠨ ᠨᠢ ᠨᠠᠰᠤ ᠪᠠᠷᠠᠭᠰᠠᠨ ᠪᠣᠯ ᠬᠤᠪᠢ | ᠬᠥᠮᠦᠨ ᠤ ᠲᠠᠩᠰᠠᠨ ᠡᠷᠥᠭᠡ ᠳᠤ ᠪᠡᠯᠡ ᠮᠥᠩᠭᠦ ᠰᠢᠯᠵᠢᠭᠦᠯᠦᠨ ᠣᠷᠣᠭᠤᠯᠬᠤ ᠪᠠᠨ ᠵᠣᠭᠰᠣᠭᠠᠵᠤ᠂ ᠲᠡᠭᠦᠨ ᠤ ᠬᠤᠪᠢ | ᠬᠥᠮᠦᠨ ᠤ ᠲᠠᠩᠰᠠᠨ ᠡᠷᠥᠭᠡ ᠶᠢ ᠨᠢ ᠬᠦᠴᠦᠨ ᠥᠭᠡᠢ ᠪᠣᠯᠭᠠᠵᠤ᠂ ᠬᠤᠪᠢ ᠬᠥᠮᠦᠨ ᠤ ᠲᠠᠩᠰᠠᠨ ᠡᠷᠥᠭᠡ ᠶᠢᠨ | ᠦᠯᠡᠳᠡᠪᠦᠷᠢ ᠪᠡᠯᠡ ᠮᠥᠩᠭᠦ ᠶᠢ ᠪᠠᠶᠢᠭ᠎ᠠ ᠨᠢᠭᠡᠴᠢ ᠠᠴᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠳᠤ ᠬᠦᠷᠴᠦ ᠨᠢᠭᠡ ᠯᠡ ᠤᠳᠠᠭ᠎ᠠ ᠪᠠᠷ ᠭᠠᠷᠭᠠᠨ ᠠᠪᠬᠤ | ᠭᠠᠷᠳᠠᠮ ᠭᠦᠢᠴᠡᠣᠡᠭᠡᠨᠡ᠃ | ᠲᠠᠪᠢᠨ ᠨᠠᠢᠮᠠᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠶᠢᠨ | ᠡᠬᠡ ᠮᠥᠩᠭᠦ ᠪᠠ ᠬᠦᠤ ᠮᠥᠩᠭᠦ ᠶᠢ ᠬᠤᠪᠢ ᠬᠥᠮᠦᠨ ᠳᠤ ᠨᠢ ᠥᠮᠴᠢᠯᠡᠭᠦᠯᠵᠦ᠂ ᠬᠠᠨᠳᠣᠯᠭ᠎ᠠ ᠲᠠᠢ ᠪᠠᠷ ᠡᠮ | ᠡᠮᠨᠡᠯᠭᠡ ᠶᠢᠨ ᠬᠡᠷᠡᠭᠯᠡᠭᠡᠨ ᠳᠤ ᠬᠡᠷᠡᠭᠯᠡᠭᠦᠯᠵᠦ᠂ ᠬᠡᠳᠣᠷᠡᠭᠰᠡᠨ ᠵᠠᠷᠣᠯᠭ᠎ᠠ ᠶᠢ ᠨᠥᠬᠦᠪᠥᠷᠢᠯᠡᠬᠦ ᠥᠬᠡᠶ᠂ ᠦᠯᠡᠳᠡᠪᠦᠷᠢ ᠶᠢ | ᠡᠷᠭᠢᠯᠳᠦᠭᠦᠯᠦᠨ ᠬᠠᠳᠠᠭᠠᠯᠠᠨ᠎ᠠ᠃ | ᠲᠠᠪᠢ ᠶᠢᠰᠦᠳᠦᠭᠡᠷ ᠵᠦᠢᠯ ᠳᠠᠭᠠᠳᠬᠠᠯ ᠳᠤ ᠣᠷᠣᠯᠴᠠᠭᠰᠠᠳ ᠶᠠᠮᠠᠷᠪᠠ ᠨᠢᠭᠡ ᠴᠡᠭ ᠲᠣᠭᠲᠠᠭᠠᠭᠰᠠᠨ | ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠵᠦ ᠡᠮ ᠵᠠᠯᠠᠬᠤ᠂ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ | ᠮᠥᠩᠭᠦ ᠶᠢ ᠬᠡᠷᠡᠭᠯᠡᠬᠦ ᠳᠤ ᠪᠠᠨ ᠴᠥᠮ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠪᠠᠷᠢᠮᠲᠠ ᠪᠤᠶᠤ ᠨᠡᠶᠢᠭᠡᠮ ᠤᠨ | ᠪᠠᠲᠤᠯᠠᠭ᠎ᠠ ᠶᠢᠨ ᠺᠠᠷᠲ ᠢᠶᠠᠷ ᠢᠶᠠᠨ ᠰᠢᠭᠤᠳ ᠳ᠋ᠦᠩᠨᠡᠨ ᠪᠣᠳᠣᠨ᠎ᠠ᠃ ᠬᠤᠪᠢ ᠬᠥᠮᠦᠨ ᠤ ᠲᠠᠩᠰᠠᠨ ᠡᠷᠤᠭᠡ ᠶᠢᠨ | ᠪᠡᠯᠡ ᠮᠥᠩᠭᠦ ᠨᠢ ᠲᠦᠯᠤᠵᠤ ᠭᠦᠢᠴᠡᠬᠦ ᠦᠭᠡᠢ ᠦᠶ᠎ᠡ ᠳᠤ ᠲᠤᠰ ᠬᠥᠮᠦᠨ ᠪᠡᠯᠡᠨ ᠵᠣᠭᠤᠰ ᠬᠡᠷᠡᠭᠯᠡᠨ᠎ᠡ᠃ | ᠵᠢᠷᠠᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠬᠤᠪᠢ ᠬᠥᠮᠦᠨ ᠤ ᠲᠠᠩᠰᠠᠨ ᠡᠷᠥᠭᠡ ᠶᠢᠨ ᠪᠡᠯᠡ | ᠮᠥᠩᠭᠦ ᠶᠢ ᠬᠡᠷᠡᠭᠯᠡᠬᠦ ᠳᠤ ᠪᠠᠨ᠂ ᠵᠠᠷᠤᠳᠠᠯ ᠤᠨ ᠵᠠᠷᠤᠯᠭ᠎ᠠ ᠨᠢ ᠡᠷᠬᠡᠪᠰᠢ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢᠨ | ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | ᠵᠢᠷᠠᠨ ᠨᠢᠭᠡᠳᠦᠭᠡᠷ ᠵᠦᠢᠯ ᠬᠤᠪᠢ ᠬᠥᠮᠦᠨ ᠤ ᠳᠠᠩᠰᠠᠨ ᠡᠷᠦᠬᠡ ᠶᠢᠨ ᠪᠡᠯᠡ ᠮᠥᠩᠭᠦ ᠪᠣᠯᠤᠨ ᠨᠢᠭᠡᠳᠦᠯᠲᠡᠶ | ᠲᠦᠯᠦᠪᠯᠡᠬᠦ ᠰᠠᠭᠤᠷᠢ ᠮᠥᠩᠭᠦ ᠶᠢ ᠰᠠᠯᠭᠠᠨ ᠲᠣᠭᠠᠴᠠᠭ᠎ᠠ ᠬᠢᠵᠦ᠂ ᠲᠣᠰ ᠲᠣᠰ ᠲᠤ ᠨᠢ ᠬᠠᠮᠢᠶᠠᠷᠤᠨ᠎ᠠ᠂ ᠨᠡᠭᠦᠯᠭᠡᠨ | ᠬᠡᠷᠡᠭᠯᠡᠬᠦ ᠪᠤᠶᠤ ᠬᠠᠷᠢᠯᠴᠠᠨ ᠰᠢᠬᠠᠨ ᠡᠵᠡᠯᠡᠵᠦ ᠪᠣᠯᠬᠤ ᠦᠭᠡᠢ᠂ ᠨᠡᠩ ᠴᠤ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠶᠢ ᠲᠡᠩᠴᠡᠭᠦᠷᠢᠰᠢᠭᠦᠯᠬᠦ ᠳᠤ ᠬᠡᠷᠡᠭᠯᠡᠵᠦ | ᠪᠣᠯᠬᠤ ᠦᠭᠡᠢ᠃ | ᠵᠢᠷᠠᠨ ᠬᠤᠶᠠᠳᠤᠭᠠᠷ ᠵᠦᠢᠯ ᠳᠠᠭᠠᠳᠬᠠᠯ ᠳᠤ ᠣᠷᠣᠯᠴᠠᠭᠰᠠᠳ ᠠᠵᠢᠯ ᠰᠢᠯᠵᠢᠬᠦ᠂ ᠠᠵᠢᠯ ᠤᠨ ᠪᠠᠶᠢᠷᠢ | ᠬᠤᠪᠢᠷᠠᠬᠤ᠂ ᠨᠠᠰᠤ ᠪᠠᠷᠠᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠪᠠᠨ ᠭᠡᠭᠡᠭᠦ ᠵᠢᠴᠢ ᠡᠪᠳᠡᠭᠦ ᠵᠡᠷᠭᠡ | ᠰᠢᠯᠲᠠᠭᠠᠨ ᠠᠴᠠ ᠪᠣᠯᠵᠣ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠰᠣᠯᠢᠬᠤ᠂ ᠨᠥᠬᠦᠵᠦ ᠦᠭᠭᠦ᠂ ᠬᠦᠴᠦᠨ | ᠥᠬᠡᠶ ᠪᠣᠯᠭᠠᠬᠤ ᠴᠢᠬᠤᠯᠠ ᠲᠠᠢ ᠪᠣᠯ ᠬᠦᠴᠦᠨ ᠪᠥᠬᠦᠶ ᠭᠡᠷᠡᠴᠢ ᠪᠠᠨ ᠠᠪᠴᠤ ᠴᠠᠭ ᠲᠤᠬᠠᠶ ᠳᠤ ᠨᠢ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠤ ᠬᠦᠷᠴᠦ ᠭᠦᠢᠴᠡᠳᠬᠡᠬᠦ ᠬᠡᠷᠡᠭᠲᠡᠶ᠃ | ᠵᠢᠷᠠᠨ ᠭᠤᠷᠪᠠᠳᠤᠭᠠᠷ ᠵᠦᠢᠯ ᠬᠡᠷᠪᠡ ᠳᠠᠭᠠᠳᠬᠠᠯ ᠳᠤ ᠣᠷᠣᠯᠴᠠᠭᠰᠠᠳ ᠤᠨ ᠬᠤᠳᠠᠯ ᠬᠡᠯᠡᠵᠦ ᠬᠠᠭᠤᠷᠮᠠᠭ ᠢᠶᠠᠷ | ᠵᠣᠬᠢᠶᠠᠬᠤ᠂ ᠪᠤᠰᠤᠳ ᠤᠨ ᠨᠡᠷ᠎ᠡ ᠶᠢ ᠣᠷᠣᠯᠠᠬᠤ ᠵᠡᠷᠭᠡ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠢᠢᠳᠪᠦᠷᠢᠯᠡᠨ᠎ᠡ᠃ | ᠵᠢᠷᠠᠨ ᠳᠥᠷᠪᠡᠳᠦᠭᠡᠷ ᠵᠦᠢᠯ ᠬᠤᠪᠢ ᠬᠥᠮᠦᠨ ᠤ ᠲᠠᠩᠰᠠᠨ ᠡᠷᠦᠬᠡ ᠠᠴᠠ ᠳᠥᠯᠥᠬᠦ ᠡᠮᠴᠢᠯᠡᠭᠡᠨ ᠤ | ᠵᠠᠷᠤᠳᠠᠯ ᠢ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠬᠢᠭᠡᠳ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠠᠴᠠ ᠰᠦᠯᠵᠢᠶᠡᠯᠡᠭᠡᠣᠨ ᠳ᠋ᠦᠩᠨᠡᠨ | ᠪᠤᠳᠤᠬᠤ ᠶᠢ ᠬᠡᠷᠡᠭᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠲᠤᠬᠠᠶᠢᠯᠠᠭᠰᠠᠨ ᠠᠵᠢᠯ ᠤᠨ ᠲᠤᠰᠬᠠᠶ ᠰᠦᠯᠵᠢᠶ᠎ᠡ ᠳᠤ ᠵᠠᠯᠭᠠᠨ | ᠣᠷᠣᠭᠤᠯᠵᠤ᠂ ᠨᠢᠭᠡᠳᠦᠯᠲᠡᠶ ᠳ᠋ᠦᠩᠨᠡᠨ ᠪᠤᠳᠤᠬᠤ ᠰᠣᠹᠲ ᠪᠠ ᠨᠢᠭᠡᠳᠦᠯᠲᠡᠶ ᠳ᠋ᠦᠩᠨᠡᠨ ᠪᠤᠳᠤᠬᠤ ᠠᠷᠭ᠎ᠠ ᠶᠢ | ᠬᠡᠷᠡᠭᠯᠡᠬᠦ ᠶᠢᠨ ᠬᠠᠮᠲᠤ ᠪᠠᠶᠢᠴᠠᠭᠠᠨ ᠬᠠᠷᠭᠤᠭᠤᠯᠬᠤ ᠪᠠ ᠬᠢᠨᠠᠯᠲᠠ ᠲᠠᠯᠪᠢᠬᠤ ᠶᠢ ᠬᠦᠯᠢᠶᠡᠨ᠎ᠡ᠃ | ᠵᠢᠷᠠᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠳᠠᠨ | ᠭᠦᠢᠴᠡᠳᠬᠡᠬᠦ ᠪᠠᠶᠢᠭᠤᠯᠤᠮᠵᠢ ᠨᠢ ᠳᠠᠭᠠᠳᠬᠠᠯ ᠳᠤ ᠣᠷᠣᠯᠴᠠᠭᠰᠠᠨ ᠠᠵᠢᠯᠳᠠᠨ ᠠᠵᠢᠯᠴᠢᠨ ᠤ ᠬᠤᠪᠢ ᠬᠥᠮᠦᠨ ᠤ | ᠲᠠᠩᠰᠠᠨ ᠡᠷᠥᠭᠡ ᠶᠢᠨ ᠬᠡᠷᠡᠭᠯᠡᠯᠲᠡ ᠳᠤ ᠬᠢᠨᠠᠯᠲᠠ ᠲᠠᠯᠪᠢᠬᠤ ᠪᠠ ᠬᠠᠮᠢᠶᠠᠷᠬᠤ ᠠᠵᠢᠯ ᠢᠶᠠᠨ ᠴᠢᠩᠭᠠᠳᠬᠠᠵᠤ᠂ | ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠵᠠᠯᠠᠷᠠᠭᠤᠯᠵᠤ᠂ ᠰᠦᠯᠵᠢᠶᠠᠨ ᠳᠤ ᠳ᠋ᠦᠩᠨᠡᠨ ᠪᠣᠳᠣᠭᠰᠠᠨ | ᠲᠤᠭ᠎ᠠ ᠪᠠᠷᠢᠮᠳᠡ ᠶᠢᠨ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠮᠴᠢᠯᠡᠭᠡᠨ ᠤ | ᠳᠠᠭᠠᠳᠬᠠᠯ ᠤᠨ ᠲᠥᠷᠥ ᠶᠢᠨ ᠪᠣᠳᠣᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠯᠪᠣᠭᠳᠠᠯ ᠪᠥᠬᠦᠶ ᠬᠠᠤᠯᠢ | ᠴᠠᠭᠠᠵᠠ ᠬᠠᠤᠯᠢ ᠲᠣᠭᠲᠠᠭᠠᠯ ᠪᠠ ᠦᠢᠯᠡᠴᠢᠯᠡᠭᠡᠨ ᠤ ᠵᠦᠪᠯᠡᠯᠴᠡᠭᠡᠷ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ | ᠰᠢᠢᠳᠪᠦᠷᠢᠯᠡᠨ᠎ᠡ᠃ | ᠵᠢᠷᠠᠨ ᠵᠢᠷᠭᠤᠳᠤᠭᠠᠷ ᠵᠦᠢᠯ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠤᠭᠡ ᠶᠢᠨ | ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ | ᠲᠥᠷᠥᠯ ᠵᠦᠢᠯ ᠰᠣᠯᠢᠯᠴᠠᠬᠤ᠂ ᠬᠠᠭᠤᠷᠮᠠᠭ ᠢᠶᠠᠷ ᠪᠠᠷᠢᠮᠲᠠ ᠭᠠᠷᠭᠠᠬᠤ᠂ ᠬᠤᠪᠢ ᠬᠥᠮᠦᠨ ᠤ ᠲᠠᠩᠰᠠᠨ ᠡᠷᠤᠭᠡ ᠶᠢᠨ | ᠰᠠᠭᠤᠷᠢ ᠮᠥᠩᠭᠦ ᠶᠢ ᠮᠡᠬᠡᠯᠡᠨ ᠠᠪᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠴᠠᠭᠠᠵᠠᠯᠠᠨ᠎ᠠ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ᠥᠷᠭᠡᠨ ᠣᠯᠠᠨ ᠳᠠᠭᠠᠳᠬᠠᠯ ᠳᠤ | ᠣᠷᠣᠯᠴᠠᠭᠰᠠᠳ ᠢ ᠬᠥᠲᠥᠯᠦᠨ ᠵᠢᠯᠣᠭᠤᠳᠴᠤ ᠪᠠᠶᠢᠭᠠᠳ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ | ᠬᠥᠮᠦᠨ ᠤ ᠲᠠᠩᠰᠠᠨ ᠡᠷᠦᠬᠡ ᠶᠢᠨ ᠰᠠᠭᠤᠷᠢ ᠮᠥᠩᠭᠦ ᠶᠢ ᠨᠢ ᠵᠦᠶ ᠵᠣᠬᠢᠰᠲᠠᠶ ᠵᠢᠷᠣᠮᠵᠢᠭᠤᠨ ᠬᠡᠷᠡᠭᠯᠡᠭᠦᠯᠦᠨ᠎ᠡ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠵᠢᠷᠠᠨ ᠳᠣᠯᠣᠳᠤᠭᠠᠷ ᠵᠦᠢᠯ ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ᠤᠤᠯ ᠤᠨ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠡᠮᠴᠢᠯᠡᠭᠡ ᠶᠢᠨ | ᠳᠠᠭᠠᠳᠬᠠᠯ ᠤᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠥᠪᠥᠷ ᠵᠠᠰᠠᠭ ᠠᠯᠪᠠᠨ | ᠥᠰᠥᠭ ﹇2008﹈ 44 ᠳ᠋ᠤᠭᠡᠷ ᠲᠣᠭᠠᠲᠤ︶᠂ ︽ ︿ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠠᠷᠭ᠎ᠠ | ﹀ ᠵᠡᠷᠭᠡ ᠲᠠᠪᠤᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ | ᠲᠠᠷᠬᠠᠭᠠᠭᠰᠠᠨ ﹇ 2014 ﹈ 111 ᠳ᠋ᠤᠭᠡᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | | |