ᠳᠤᠮᠳᠠᠳᠤ ᠤᠯᠤᠰ ᠬᠤᠨᠳᠠᠭᠠᠲᠤ ᠤᠶᠢᠷ᠎ᠠ ᠵᠠᠢ ᠶᠢᠨ ᠲᠦᠷᠭᠡᠨ ᠲᠡᠰᠢᠯᠲᠡ ᠶᠢᠨ ᠰᠤᠳᠤᠨ ᠲᠠᠮᠢᠷᠴᠢᠳ ᠤᠨ ᠬᠤᠯᠪᠣᠭᠠᠲᠤ ᠤᠷᠤᠯᠳᠤᠭᠠᠨ ᠤ ᠬᠥᠬᠡᠬᠤᠲᠠ ᠥᠷᠲᠡᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/9/13
    2023 ︱ 2024 ᠤᠷᠤᠯᠳᠤᠭᠠᠨ ᠤ ᠤᠯᠠᠷᠢᠯ ᠤᠨ ᠳᠤᠮᠳᠠᠳᠤ ᠤᠯᠤᠰ ᠬᠤᠨᠳᠠᠭᠠᠲᠤ ᠤᠶᠢᠷ᠎ᠠ ᠵᠠᠢ ᠶᠢᠨ ᠲᠦᠷᠭᠡᠨ ᠲᠡᠰᠢᠯᠲᠡ ᠶᠢᠨ ᠰᠤᠳᠤᠨ ᠲᠠᠮᠢᠷᠴᠢᠳ ᠤᠨ ᠬᠤᠯᠪᠣᠭᠠᠲᠤ ᠤᠷᠤᠯᠳᠤᠭᠠᠨ ᠤ ᠬᠥᠬᠡᠬᠤᠲᠠ ᠥᠷᠲᠡᠭᠡ ᠶᠢᠨ ᠤᠷᠤᠯᠳᠤᠭᠠᠨ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠢᠷᠢ ᠬᠡᠮ ᠤᠨ ᠤᠷᠤᠯᠳᠤᠭᠠᠨ 9 ᠰᠠᠷ᠎ᠠ ᠶᠢᠨ 12 ᠤᠨ ᠡᠳᠦᠷ ᠠᠴᠠ 17 ᠤ ᠡᠳᠦᠷ ᠪᠣᠯᠲᠠᠯ᠎ᠠ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠥᠪ ᠲᠤ ᠶᠠᠪᠤᠭᠳᠠᠬᠤ ᠪᠣᠯᠣᠨ᠎ᠠ᠃     ᠲᠣᠰ ᠤᠳᠠᠭᠠᠨ ᠤ ᠤᠷᠤᠯᠳᠤᠭᠠᠨ ᠳᠤ ᠢᠯᠡ ᠤᠷᠤᠯᠳᠤᠭᠠᠨ ᠤ ᠳᠤᠭᠤᠶᠢᠯᠠᠩ ᠪᠠ ᠵᠠᠯᠠᠭᠤᠴᠤᠳ ᠤᠨ ᠳᠤᠭᠤᠶᠢᠯᠠᠩ ᠲᠤᠬᠢᠷᠠᠭᠤᠯᠵᠦ᠂ ᠡᠷᠡᠭᠲᠡᠢ ᠡᠮᠡᠭᠲᠡᠢ ᠶᠢᠨ 500 ᠮᠧᠲᠷ᠂ ᠡᠷᠡᠭᠲᠡᠢ ᠡᠮᠡᠭᠲᠡᠢ ᠶᠢᠨ 1000 ᠮᠧᠲᠷ᠂ ᠡᠷᠡᠭᠲᠡᠢ ᠡᠮᠡᠭᠲᠡᠢ ᠶᠢᠨ 1500 ᠮᠧᠲᠷ᠂ ᠡᠷᠡᠭᠳᠡᠢ ᠡᠮᠡᠭᠳᠡᠢ ᠪᠦᠯᠬᠦᠮ ᠤᠨ 2000 ᠮᠧᠲᠷ ᠤᠨ ᠪᠤᠤᠬᠢᠶ᠎ᠠ ᠤᠷᠤᠯᠳᠤᠭᠠᠨ ᠵᠡᠷᠭᠡ ᠣᠯᠠᠨ ᠵᠦᠢᠯ ᠤᠨ ᠤᠷᠤᠯᠳᠤᠭᠠᠨ ᠲᠤᠬᠢᠷᠠᠭᠤᠯᠪᠠ᠂ ᠤᠷᠤᠯᠳᠤᠭᠠᠨ ᠳᠤ 350 ᠭᠠᠷᠤᠢ ᠲᠠᠮᠢᠷᠴᠢᠨ ᠤᠷᠤᠯᠴᠠᠬᠤ ᠪᠤᠯᠤᠨ᠎ᠡ᠃ ᠲᠤᠰ ᠤᠳᠠᠭ᠎ᠠ ᠶᠢᠨ ᠤᠷᠤᠯᠳᠤᠭᠠᠨ ᠳᠤ ᠦ᠋ ᠳ᠋ᠡ ᠵᠢᠩ᠂ ᠷᠧᠨ ᠽᠢ ᠸᠧᠢ᠂ ᠹᠠᠨ ᠺᠧ ᠰᠢᠨ᠂ ᠴᠢᠦᠢ ᠴᠦᠨ ᠢᠦᠢ᠂ ᠯᠢᠨ ᠰᠢᠶᠣᠣ ᠵᠢᠶᠦ᠋ᠨ᠂ ᠯᠢᠦ ᠱᠣᠣ ᠯᠢᠨ᠂ ᠯᠢᠦ ᠱᠣᠣ ᠠᠩ ᠵᠡᠷᠭᠡ ᠡᠪᠦᠯ  ᠤᠨ ᠤᠯᠢᠮᠫᠢᠺ ᠤᠨ ᠴᠤᠭᠯᠠᠭᠠᠨ ᠤ ᠮᠠᠩᠯᠠᠢ ᠪᠠ ᠳᠡᠯᠡᠬᠡᠢ ᠶᠢᠨ ᠮᠠᠩᠯᠠᠢ ᠤᠷᠤᠯᠴᠠᠬᠤ ᠪᠤᠯᠤᠨ᠎ᠡ᠃     ᠲᠤᠰ ᠤᠳᠠᠭ᠎ᠠ ᠶᠢᠨ ᠤᠷᠤᠯᠳᠤᠭᠠᠨ ᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠠᠴᠠ ᠵᠢᠯᠤᠭᠤᠳᠴᠤ᠂ ᠳᠤᠮᠳᠠᠳᠤ ᠤᠯᠤᠰ ᠤᠨ ᠮᠥᠰᠥ ᠲᠡᠰᠢᠯᠲᠡ ᠶᠢᠨ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ᠂ ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ ᠲᠠᠭᠠᠭᠠᠴᠢᠯᠠᠨ ᠡᠷᠬᠢᠯᠡᠨ᠎ᠡ᠃ ᠳᠤᠮᠳᠠᠳᠤ ᠤᠯᠤᠰ ᠬᠤᠨᠳᠠᠭᠠᠲᠤ ᠤᠶᠢᠷ᠎ᠠ ᠵᠠᠢ ᠶᠢᠨ ᠲᠦᠷᠭᠡᠨ ᠲᠡᠰᠢᠯᠲᠡ ᠶᠢᠨ ᠰᠤᠳᠤᠨ ᠲᠠᠮᠢᠷᠴᠢᠳ ᠤᠨ ᠬᠤᠯᠪᠣᠭᠠᠲᠤ ᠤᠷᠤᠯᠳᠤᠭᠠᠨ ᠵᠢᠴᠢ ᠠᠷᠪᠠᠨ ᠳᠥᠷᠪᠡᠳᠦᠭᠡᠷ ᠬᠤᠭᠤᠴᠠᠭᠠᠨ  ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠢᠷᠢ ᠬᠡᠮ ᠤᠨ ᠤᠷᠤᠯᠳᠤᠭᠠᠨ 9 ᠰᠠᠷ᠎ᠠ ᠶᠢᠨ 21 ᠤ ᠡᠳᠦᠷ ᠠᠴᠠ 24 ᠤ ᠡᠳᠦᠷ ᠪᠣᠯᠲᠠᠯ᠎ᠠ ᠬᠠᠶᠢᠯᠠᠷ ᠲᠤ ᠶᠠᠪᠤᠭᠳᠠᠬᠤ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号