ᠦᠰᠦᠭ ᠪᠢᠴᠢᠭ ᠤᠨ ᠲᠡᠶᠢᠯᠦᠮᠵᠢ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠶᠢᠨ ᠰᠢᠯᠭᠠᠯᠳᠠ᠄ ᠳᠠᠳᠬᠠᠯ ᠲᠠᠢ ᠪᠣᠯᠬᠤ ᠶᠢ ᠴᠢᠬᠤᠯᠠᠴᠢᠯᠠᠵᠤ᠂ ᠰᠢᠯᠭᠠᠯᠳᠠ ᠶᠢ ᠠᠷᠭᠠᠴᠠᠭᠠᠬᠤ ᠰᠤᠷᠭᠠᠨ ᠬᠦᠮᠦᠵᠢᠯ ᠠᠴᠠ ᠠᠩᠭᠢᠵᠢᠷᠠᠶ᠎ᠡ
ᠨᠡᠶᠢᠲᠡᠯᠡᠭᠰᠡᠨ ᠴᠠᠭ᠄
2023/9/18
    ︽ᠰᠢᠨ᠎ᠡ ᠰᠤᠷᠤᠯᠭ᠎ᠠ ᠶᠢᠨ ᠬᠤᠭᠤᠴᠠᠭᠠᠨ ᠳᠤ᠂ ᠳᠥᠷᠪᠡᠳᠦᠭᠡᠷ᠂ ᠵᠢᠷᠭᠤᠳᠤᠭᠠᠷ᠂ ᠨᠠᠢᠮᠠᠳᠤᠭᠠᠷ ᠣᠨ ᠤ ᠰᠤᠷᠤᠭᠴᠢ ᠶᠢᠨ ᠤᠳᠠᠯ ᠦᠭᠡᠢ ᠣᠷᠣᠯᠴᠠᠬᠤ ᠭᠡᠵᠦ ᠪᠠᠶᠢᠭ᠎ᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠰᠢᠯᠭᠠᠯᠲᠠ ᠶᠢᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠶᠠᠪᠤᠴᠠ ᠶᠢᠨ ᠴᠢᠨᠠᠷᠲᠠᠢ ᠬᠢᠨᠠᠨ ᠰᠢᠯᠭᠠᠯᠲᠠ ᠶᠢᠨ ᠬᠡᠰᠡᠭ ᠤᠨ ᠬᠤᠪᠢ ᠪᠣᠯᠭᠠᠵᠤ᠂ ᠥᠨᠳᠥᠷ ᠳᠤᠮᠳᠠᠳᠤ ᠶᠢᠨ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠶᠡᠷᠦᠩᠬᠡᠢ ᠬᠢᠷᠢ ᠪᠦᠲᠦᠮᠵᠢ ᠳᠤ ᠣᠷᠣᠭᠤᠯᠤᠨ᠎ᠠ᠃︾ ᠡᠨᠡ ᠪᠣᠯ ᠪᠡᠭᠡᠵᠢᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢᠨ ᠰᠢᠨ᠎ᠡ ᠬᠤᠪᠢᠷᠠᠯᠲᠠ ᠮᠥᠨ᠂ ᠡᠭᠦᠨ ᠳᠤ ᠬᠤᠪᠢ ᠨᠢ ᠨᠡᠮᠡᠭᠳᠡᠵᠦ᠂ ᠰᠣᠩᠭᠤᠵᠤ ᠪᠣᠯᠬᠤ ᠵᠦᠢᠯᠡᠰ ᠨᠢ ᠣᠯᠠᠰᠢᠷᠠᠭᠰᠠᠨ ᠢᠶᠠᠷ ᠪᠠᠷᠠᠬᠤ ᠦᠭᠡᠢ᠂ ᠶᠠᠪᠤᠴᠠ ᠶᠢᠨ ᠴᠢᠨᠠᠷᠲᠠᠢ ᠬᠢᠨᠠᠨ ᠰᠢᠯᠭᠠᠯᠲᠠ ᠶᠢ ᠨᠢᠭᠡᠳᠦᠯᠲᠡᠢ ᠰᠢᠯᠭᠠᠯᠲᠠ ᠪᠠᠷ ᠪᠠᠷᠢᠮᠵᠢᠶ᠎ᠠ ᠪᠣᠯᠭᠠᠬᠤ ᠶᠢᠨ ᠬᠠᠮᠲᠤ ᠪᠦᠬᠦᠶᠢᠯᠡ ᠳᠤᠮᠳᠠᠳᠤ ᠪᠠᠭ᠎ᠠ ᠰᠤᠷᠭᠠᠭᠤᠯᠢ ᠳᠤ  ᠲᠤᠭᠤᠰᠢᠯᠠᠭᠤᠯᠵᠦ ᠪᠠᠶᠢᠨ᠎ᠠ᠃     ᠣᠯᠠᠨ ᠭᠠᠵᠠᠷ ᠤᠨ ᠬᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠰᠢᠯᠭᠠᠯᠳᠠ ᠶᠢᠨ ᠲᠦᠷᠦ ᠶᠢᠨ ᠪᠤᠳᠤᠯᠭ᠎ᠠ ᠪᠠᠨ ᠦᠭᠡᠷᠡᠴᠢᠯᠡᠵᠦ ᠪᠤᠢ     ᠣᠶᠢᠯᠠᠭᠠᠭᠰᠠᠨ ᠢᠶᠠᠷ᠂ ︽ᠪᠡᠭᠡᠵᠢᠩ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠨᠠᠨ ᠰᠢᠯᠭᠠᠵᠤ ᠦᠨᠡᠯᠡᠬᠦ ᠲᠥᠰᠥᠯ︾ ᠢ 2021 ᠣᠨ ᠳᠤ ᠵᠢᠩᠬᠢᠨᠢ ᠪᠠᠷ ᠨᠡᠶᠢᠲᠡᠯᠡᠪᠡ᠂ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠪᠡᠭᠡᠵᠢᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠬᠤᠪᠢ ᠨᠢ 70 ᠬᠤᠪᠢ ᠪᠣᠯᠣᠨ᠎ᠠ᠂ ᠡᠭᠦᠨ ᠳᠤ ᠶᠠᠪᠤᠴᠠ ᠶᠢᠨ ᠴᠢᠨᠠᠷᠲᠠᠢ ᠬᠢᠨᠠᠨ ᠰᠢᠯᠭᠠᠯᠲᠠ ᠶᠢᠨ 40 ᠬᠤᠪᠢ ᠪᠠ ᠲᠤᠬᠠᠢ ᠶᠢᠨ ᠲᠠᠯᠠᠪᠤᠷ ᠤᠨ ᠰᠢᠯᠭᠠᠯᠲᠠ ᠶᠢᠨ 30 ᠬᠤᠪᠢ ᠪᠠᠭᠲᠠᠨ᠎ᠠ᠃ ᠥᠭᠡᠷᠡᠴᠢᠯᠡᠯᠲᠡ ᠬᠢᠭᠰᠡᠨ ᠤ ᠳᠠᠷᠠᠭᠠᠬᠢ ᠪᠡᠭᠡᠵᠢᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠲᠥᠰᠥᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠣᠨ ᠬᠤᠪᠢᠶᠠᠨ ᠰᠢᠯᠵᠢᠯᠳᠠ ᠶᠢᠨ ᠶᠠᠪᠤᠴᠠ ᠶᠢ ᠦᠩᠭᠡᠷᠡᠭᠡᠵᠦ᠂ ᠠᠯᠬᠤᠮ ᠠᠯᠬᠤᠮ ᠢᠶᠠᠷ ᠬᠡᠷᠡᠭᠵᠢᠭᠦᠯᠦᠨ᠂ ᠪᠥᠬᠦ ᠲᠠᠯ᠎ᠠ ᠪᠠᠷ ᠬᠡᠷᠡᠭᠵᠢᠭᠦᠯᠬᠦ ᠪᠣᠯᠲᠠᠯ᠎ᠠ ᠬᠡᠷᠡᠭᠵᠢᠭᠦᠯᠦᠨ᠎ᠡ᠃ 2022 ᠣᠨ ᠳᠤ ︽ᠪᠡᠭᠡᠵᠢᠩ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠶᠠᠪᠤᠴᠠ ᠶᠢᠨ ᠴᠢᠨᠠᠷᠲᠠᠢ ᠬᠢᠨᠠᠨ ᠰᠢᠯᠭᠠᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢ ᠵᠢᠩᠬᠢᠨᠢ ᠪᠠᠷ ᠨᠡᠶᠢᠲᠡᠯᠡᠵᠦ᠂ ᠶᠠᠪᠤᠴᠠ ᠶᠢᠨ ᠴᠢᠨᠠᠷᠲᠠᠢ ᠬᠢᠨᠠᠨ ᠰᠢᠯᠭᠠᠯᠲᠠ ᠳᠤ ᠡᠯ᠎ᠡ ᠲᠣᠭᠤᠷᠢᠭ ᠤᠨ ᠳᠥᠷᠪᠡᠳᠦᠭᠡᠷ᠂ ᠵᠢᠷᠭᠤᠳᠤᠭᠠᠷ᠂ ᠨᠠᠢᠮᠠᠳᠤᠭᠠᠷ ᠣᠨ ᠤ ᠰᠣᠷᠣᠭᠴᠢ ᠳᠤ ᠥᠷᠨᠢᠭᠦᠯᠦᠭᠰᠡᠨ ᠰᠣᠷᠣᠭᠴᠢ ᠶᠢᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠰᠢᠯᠭᠠᠯᠲᠠ ᠶᠢᠨ ᠨᠢᠭᠡᠳᠦᠯᠲᠡᠢ ᠰᠢᠯᠭᠠᠯᠲᠠ ᠪᠠ ᠡᠯ᠎ᠡ ᠲᠣᠭᠤᠷᠢᠭ ᠤᠨ ᠪᠥᠬᠦ ᠬᠤᠲᠠ ᠶᠢᠨ ᠨᠢᠭᠡᠳᠦᠯᠲᠡᠢ ᠱᠠᠭᠠᠷᠳᠠᠯᠭ᠎ᠠ ᠶᠣᠰᠣᠭᠠᠷ ᠨᠠᠢᠮᠠᠳᠤᠭᠠᠷ ᠣᠨ ᠤ ᠰᠣᠷᠣᠭᠴᠢ ᠳᠤ ᠵᠣᠬᠢᠶᠠᠨ ᠪᠠᠶᠢᠭᠤᠯᠤᠭᠰᠠᠨ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠮᠡᠳᠡᠯᠭᠡ ᠶᠢᠨ ᠮᠧᠬᠠᠨᠢᠭ ᠰᠢᠯᠭᠠᠯᠲᠠ ᠪᠠᠭᠲᠠᠨ᠎ᠠ ᠭᠡᠵᠦ ᠲᠣᠳᠣᠷᠬᠠᠢ ᠲᠣᠭᠲᠠᠭᠠᠵᠠᠢ᠃ ᠶᠠᠪᠤᠴᠠ ᠶᠢᠨ ᠴᠢᠨᠠᠷᠲᠠᠢ ᠰᠢᠯᠭᠠᠨ ᠬᠢᠨᠠᠭᠰᠠᠨ ᠦᠷ᠎ᠡ ᠳ᠋ᠦᠩ ᠢ  ᠶᠢᠰᠦᠳᠦᠭᠡᠷ ᠤᠨ ᠤ ᠪᠡᠶ᠎ᠡ ᠶᠢᠨ ᠲᠠᠮᠢᠷ ᠤᠨ ᠲᠤᠬᠠᠢ ᠶᠢᠨ ᠲᠠᠯᠠᠪᠤᠷ ᠤᠨ ᠰᠢᠯᠭᠠᠯᠲᠠ ᠲᠠᠢ ᠨᠡᠶᠢᠯᠡᠭᠦᠯᠦᠭᠰᠡᠨ ᠤ ᠳᠠᠷᠠᠭ᠎ᠠ᠂ ᠰᠣᠷᠣᠭᠴᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠶᠡᠷᠦᠩᠬᠡᠢ ᠬᠢᠷᠢ ᠪᠦᠳᠦᠮᠵᠢ ᠪᠤᠯᠭᠠᠨ᠎ᠠ᠃     ᠪᠥᠬᠦ ᠤᠯᠤᠰ ᠤᠨ ᠣᠯᠠᠨ ᠭᠠᠵᠠᠷ ᠤᠨ ᠬᠢᠨ ᠴᠦ ᠣᠶᠢᠷ᠎ᠠ ᠶᠢᠨ ᠵᠢᠯ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠰᠢᠯᠭᠠᠯᠳᠠ ᠳᠤ ᠦᠭᠡᠷᠡᠴᠢᠯᠠᠯᠳᠠ ᠬᠢᠵᠦ ᠪᠤᠢ᠃ ᠭᠢᠷᠢᠨ ᠮᠤᠵᠢ ᠶᠢᠨ ᠴᠠᠩᠴᠦ᠋ᠨ ᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠬᠢᠴᠢᠶᠡᠯ ᠲᠥᠷᠥᠯ ᠳᠤ ᠶᠠᠪᠤᠴᠠ ᠶᠢᠨ ᠴᠢᠨᠠᠷᠲᠠᠢ ᠬᠢᠨᠠᠨ ᠰᠢᠯᠭᠠᠯᠲᠠ ᠪᠠ ᠲᠡᠭᠦᠰᠬᠡᠯ ᠤᠨ ᠴᠢᠨᠠᠷᠲᠠᠢ ᠬᠢᠨᠠᠨ ᠰᠢᠯᠭᠠᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢ ᠰᠢᠯᠭᠠᠨ ᠬᠢᠨᠠᠵᠤ ᠦᠨᠡᠯᠡᠬᠦ ᠳᠤ ᠶᠠᠪᠤᠴᠠ ᠶᠢᠨ ᠴᠢᠨᠠᠷᠲᠠᠢ ᠰᠢᠯᠭᠠᠨ ᠬᠢᠨᠠᠬᠤ ᠪᠠ ᠲᠡᠭᠦᠰᠬᠡᠯ ᠤᠨ ᠴᠢᠨᠠᠷᠲᠠᠢ ᠰᠢᠯᠭᠠᠨ ᠬᠢᠨᠠᠬᠤ ᠶᠢ ᠪᠠᠭᠲᠠᠭᠠᠭᠰᠠᠨ ᠶᠡᠷᠦᠩᠬᠡᠢ ᠬᠤᠪᠢ ᠨᠢ 80 ᠬᠤᠪᠢ ᠪᠠᠶᠢᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠶᠡᠷᠦᠩᠬᠡᠢ ᠬᠤᠪᠢ ᠳᠤ ᠪᠤᠳᠤᠵᠤ ᠣᠷᠣᠭᠤᠯᠤᠨ᠎ᠠ᠃ ᠡᠭᠦᠨ ᠳᠤ᠂ ᠶᠠᠪᠤᠴᠠ ᠶᠢᠨ ᠴᠢᠨᠠᠷᠲᠠᠢ ᠬᠢᠨᠠᠨ ᠰᠢᠯᠭᠠᠯᠲᠠ ᠳᠤ 30 ᠬᠤᠪᠢ᠂ ᠲᠡᠭᠦᠰᠬᠡᠯ ᠤᠨ ᠴᠢᠨᠠᠷᠲᠠᠢ ᠬᠢᠨᠠᠨ ᠰᠢᠯᠭᠠᠯᠲᠠ ᠳᠤ 50 ᠬᠤᠪᠢ ᠥᠭᠭᠦᠨ᠎ᠡ᠃ ᠶᠠᠪᠤᠴᠠ ᠶᠢᠨ ᠴᠢᠨᠠᠷᠲᠠᠢ ᠬᠢᠨᠠᠨ ᠰᠢᠯᠭᠠᠯᠲᠠ ᠨᠢ ᠭᠤᠣᠯᠳᠠᠭᠤ ᠰᠤᠷᠤᠭᠴᠢᠳ ᠤᠨ ᠡᠳᠦᠷ ᠲᠤᠲᠤᠮ ᠤᠨ ᠰᠤᠷᠤᠯᠴᠠᠯᠭ᠎ᠠ ᠠᠮᠢᠳᠤᠷᠠᠯ ᠳᠤᠮᠳᠠᠬᠢ ᠪᠣᠯᠪᠠᠰᠤᠷᠠᠯ ᠤᠨ ᠪᠠᠶᠢᠳᠠᠯ᠂ ᠵᠢᠱᠢᠶᠡᠯᠡᠪᠡᠯ ᠬᠢᠴᠢᠶᠡᠯᠯᠡᠭᠰᠡᠨ ᠨᠣᠷᠮ᠎ᠠ᠂ ᠬᠢᠴᠢᠶᠡᠯ ᠤᠨ ᠲᠠᠩᠬᠢᠮ ᠤᠨ ᠢᠯᠡᠷᠡᠯ ᠵᠡᠷᠭᠡ ᠶᠢ ᠪᠠᠭᠳᠠᠭᠠᠨ᠎ᠠ᠃ ᠬᠠᠷᠢᠨ ᠲᠡᠭᠦᠰᠬᠡᠯ ᠤᠨ ᠴᠢᠨᠠᠷᠲᠠᠢ ᠬᠢᠨᠠᠨ ᠰᠢᠯᠭᠠᠯᠲᠠ ᠪᠣᠯ ᠰᠤᠷᠤᠭᠴᠢᠳ ᠤᠨ ᠣᠨᠴᠠᠭᠠᠶ ᠴᠠᠭ ᠤᠨ ᠳᠣᠲᠣᠷᠠᠬᠢ ᠪᠣᠳᠠᠲᠠᠢ ᠢᠯᠡᠷᠡᠯ ᠢ ᠦᠨᠡᠯᠡᠨ ᠵᠢᠱᠢᠬᠦ ᠶᠢ ᠬᠡᠯᠡᠨ᠎ᠡ᠂ ᠵᠢᠱᠢᠶᠡᠯᠡᠪᠡᠯ᠂ ᠪᠡᠶ᠎ᠡ ᠶᠢᠨ ᠴᠢᠳᠠᠪᠤᠷᠢ ᠶᠢᠨ ᠰᠢᠯᠭᠠᠯᠲᠠ᠂ ᠲᠤᠰᠬᠠᠢ ᠮᠡᠷᠭᠡᠵᠢᠯ ᠤᠨ ᠤᠷᠤᠯᠳᠤᠭᠠᠨ ᠵᠡᠷᠭᠡ ᠪᠤᠯᠤᠨ᠎ᠡ᠃ ᠡᠨᠡ ᠬᠤᠶᠠᠷ ᠬᠡᠰᠡᠭ ᠤᠨ ᠬᠢᠷᠢ ᠪᠦᠲᠦᠮᠵᠢ ᠶᠢ ᠨᠡᠮᠡᠵᠦ ᠪᠤᠳᠤᠭᠰᠠᠨ ᠤ ᠳᠠᠷᠠᠭ᠎ᠠ ᠬᠠᠮᠤᠭ ᠡᠴᠦᠰ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠬᠤᠪᠢ ᠶᠢ ᠣᠯᠣᠨ᠎ᠠ᠃     ᠾᠧᠪᠧᠢ ᠮᠤᠵᠢ ᠪᠠᠰᠠ ᠶᠠᠪᠤᠴᠠ ᠶᠢᠨ ᠴᠢᠨᠠᠷᠲᠠᠢ ᠬᠢᠨᠠᠨ ᠰᠢᠯᠭᠠᠯᠲᠠ ᠶᠢ ᠨᠡᠮᠡᠵᠡᠢ᠂ ︽ᠾᠧᠪᠧᠢ ᠮᠤᠵᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠲᠥᠷᠥᠯ ᠤᠨ ᠰᠢᠯᠭᠠᠯᠲᠠ ᠶᠢᠨ ᠲᠥᠰᠥᠯ︾ ᠢ ᠦᠨᠳᠦᠰᠦᠯᠡᠪᠡᠯ᠂ ᠶᠠᠪᠤᠴᠠ ᠶᠢᠨ ᠴᠢᠨᠠᠷᠲᠠᠢ ᠬᠢᠨᠠᠨ ᠰᠢᠯᠭᠠᠯᠲᠠ ᠨᠢ ᠰᠤᠷᠤᠭᠴᠢᠳ ᠤᠨ ᠡᠳᠦᠷ ᠲᠤᠲᠤᠮ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠭᠰᠠᠨ ᠪᠠᠶᠢᠳᠠᠯ᠂ ︽ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠷᠢᠮᠵᠢᠶ᠎ᠠ ︵2014 ᠣᠨ ᠳᠤ ᠵᠠᠰᠠᠪᠤᠷᠢ ᠣᠷᠣᠭᠤᠯᠤᠭᠰᠠᠨ︶︾ ᠶᠢᠨ ᠰᠢᠯᠭᠠᠯᠲᠠ ᠶᠢᠨ ᠬᠢᠷᠢ ᠪᠦᠲᠦᠮᠵᠢ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠤᠨ ᠬᠢᠷᠢ ᠪᠦᠲᠦᠮᠵᠢ ᠶᠢᠨ ᠬᠢᠨᠠᠨ ᠰᠢᠯᠭᠠᠯᠲᠠ ᠵᠡᠷᠭᠡ ᠭᠤᠷᠪᠠᠨ ᠬᠡᠰᠡᠭ ᠢᠶᠠᠷ ᠪᠦᠷᠢᠯᠳᠦᠨ᠎ᠡ᠃ ᠬᠢᠷᠢ ᠪᠦᠲᠦᠮᠵᠢ ᠶᠢ ᠪᠣᠳᠠᠲᠠᠢ ᠪᠠᠷ ᠬᠡᠷᠬᠢᠨ ᠦᠨᠡᠯᠡᠨ ᠲᠣᠭᠲᠠᠭᠠᠬᠤ ᠲᠤᠬᠠᠢ᠂ ︽ᠲᠥᠰᠥᠯ︾ ᠳᠤ ᠬᠢᠨᠠᠨ ᠰᠢᠯᠭᠠᠬᠤ ᠲᠠᠰ ᠵᠢᠴᠢ ᠬᠠᠷᠠᠭᠠᠯᠵᠠᠭᠰᠠᠨ ᠬᠤᠪᠢ ᠶᠢᠨ ᠬᠡᠮᠵᠢᠭᠳᠡᠯ ᠢ ᠥᠭᠭᠦᠭᠰᠡᠨ ᠪᠠᠶᠢᠨ᠎ᠠ᠃ ᠡᠭᠦᠨ ᠳᠤ᠂ ᠡᠳᠦᠷ ᠲᠤᠲᠤᠮ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠭᠰᠠᠨ ᠪᠠᠶᠢᠳᠠᠯ ᠤᠨ ᠪᠦᠷᠢᠨ ᠬᠤᠪᠢ 4.0 ᠬᠤᠪᠢ ᠪᠠᠶᠢᠵᠤ᠂ ᠪᠡᠶ᠎ᠡ ᠶᠢᠨ ᠲᠠᠮᠢᠷ ᠤᠨ ᠬᠢᠴᠢᠶᠡᠯ᠂ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠲᠤ ᠭᠠᠷᠤᠭᠰᠠᠨ ᠨᠣᠷᠮ᠎ᠠ ᠪᠠᠷ ᠦᠨᠡᠯᠡᠨ ᠲᠣᠭᠲᠠᠭᠠᠨ᠎ᠠ᠃ ᠬᠡᠷᠡᠭ ᠤᠴᠢᠷ ᠤᠨ ᠴᠢᠯᠦᠭᠡ᠂ ᠡᠪᠡᠳᠴᠢᠨ ᠤ ᠴᠢᠯᠦᠭᠡᠨ ᠳᠤ ᠴᠢᠯᠦᠭᠡ ᠭᠤᠶᠤᠬᠤ ᠭᠠᠷ ᠭᠦᠢᠴᠡᠳᠬᠡᠯ ᠢ ᠭᠦᠢᠴᠡᠳᠬᠡᠨ᠎ᠡ︔ ︽ᠰᠣᠷᠣᠭᠴᠢ ᠶᠢᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠷᠢᠮᠵᠢᠶ᠎ᠠ ︵2014 ᠣᠨ ᠳᠤ ᠵᠠᠰᠠᠪᠤᠷᠢ ᠣᠷᠣᠭᠤᠯᠤᠭᠰᠠᠨ︶︾ ᠶᠢᠨ ᠰᠢᠯᠭᠠᠯᠲᠠ ᠶᠢᠨ ᠬᠢᠷᠢ ᠪᠦᠲᠦᠮᠵᠢ ᠶᠢᠨ ᠪᠦᠷᠢᠨ ᠬᠤᠪᠢ 8.0 ᠬᠤᠪᠢ ᠪᠣᠯᠣᠨ᠎ᠠ᠂ ᠨᠠᠢᠮᠠᠳᠤᠭᠠᠷ ᠣᠨ ᠪᠠ ᠶᠢᠰᠦᠳᠦᠭᠡᠷ ᠣᠨ ᠤ ᠳᠡᠭᠡᠷ᠎ᠡ ᠰᠤᠷᠤᠯᠭ᠎ᠠ ᠶᠢᠨ ᠬᠤᠭᠤᠴᠠᠭᠠᠨ ᠳᠤ᠂ ᠰᠤᠷᠭᠠᠭᠤᠯᠢ ᠪᠤᠶᠤ ᠭᠤᠷᠪᠠᠳᠠᠭᠢ ᠡᠲᠡᠭᠡᠳ ᠤᠨ ᠰᠢᠯᠭᠠᠯᠲᠠ ᠶᠢᠨ ᠪᠠᠶᠢᠭᠤᠯᠤᠮᠵᠢ ᠠᠴᠠ ︽ᠰᠣᠷᠣᠭᠴᠢ ᠶᠢᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠷᠢᠮᠵᠢᠶ᠎ᠠ ︵2014 ᠣᠨ ᠳᠤ ᠵᠠᠰᠠᠪᠤᠷᠢ ᠣᠷᠣᠭᠤᠯᠤᠭᠰᠠᠨ︶︾ ᠶᠢᠨ ᠱᠠᠭᠠᠷᠳᠠᠯᠭ᠎ᠠ ᠶᠣᠰᠣᠭᠠᠷ ᠰᠣᠷᠣᠭᠴᠢ ᠳᠤ ᠰᠢᠯᠭᠠᠯᠲᠠ ᠬᠢᠨ᠎ᠡ︔ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠤᠨ ᠬᠢᠷᠢ ᠪᠦᠲᠦᠮᠵᠢ ᠶᠢᠨ ᠬᠢᠨᠠᠨ ᠰᠢᠯᠭᠠᠯᠲᠠ ᠶᠢᠨ ᠪᠦᠷᠢᠨ ᠬᠤᠪᠢ 8.0 ᠬᠤᠪᠢ ᠪᠠᠶᠢᠵᠤ᠂ ᠰᠤᠷᠤᠯᠭ᠎ᠠ ᠶᠢᠨ ᠬᠤᠭᠤᠴᠠᠭ᠎ᠠ ᠪᠦᠷᠢ ᠶᠢ ᠡᠯ᠎ᠡ ᠰᠤᠷᠭᠠᠭᠤᠯᠢ ᠠᠴᠠ ᠬᠠᠷᠢᠭᠤᠴᠠᠨ ᠬᠢᠨᠠᠨ ᠲᠣᠭᠲᠠᠭᠠᠨ᠎ᠠ᠃     ᠰᠧᠴᠤᠸᠠᠨ ᠮᠤᠵᠢ ᠶᠢᠨ ᠮᠢᠶᠠᠨᠶᠠᠩ ᠬᠤᠲᠠ 2022 ᠣᠨ ᠤ 9 ᠰᠠᠷ᠎ᠠ ᠳᠤ ᠳᠣᠯᠣᠳᠤᠭᠠᠷ ᠣᠨ ᠤ ᠰᠣᠷᠣᠭᠴᠢ ᠠᠴᠠ ᠡᠬᠢᠯᠡᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠶᠡᠷᠦᠩᠬᠡᠶᠢᠯᠡᠭᠰᠡᠨ ᠦᠨᠡᠯᠡᠯᠲᠡ ᠶᠢ ᠡᠬᠢᠯᠡᠨ ᠬᠡᠷᠡᠭᠵᠢᠭᠦᠯᠪᠡ᠂ ᠲᠤᠬᠠᠶᠢᠯᠠᠪᠠᠯ ᠥᠩᠭᠡᠷᠡᠭᠰᠡᠨ ᠤ ︽ᠨᠢᠭᠡᠳᠦᠯᠲᠡᠢ ᠰᠢᠯᠭᠠᠯᠲᠠ︾ ᠪᠠᠶᠢᠭᠰᠠᠨ ᠢ ︽ᠶᠠᠪᠤᠴᠠ ᠶᠢᠨ ᠴᠢᠨᠠᠷᠲᠠᠢ ᠦᠨᠡᠯᠡᠯᠲᠡ + ᠨᠢᠭᠡᠳᠦᠯᠲᠡᠢ ᠰᠢᠯᠭᠠᠯᠲᠠ︾ ᠭᠡᠵᠦ ᠬᠤᠶᠠᠷ ᠬᠡᠰᠡᠭ ᠪᠣᠯᠭᠠᠨ ᠥᠭᠡᠷᠡᠴᠢᠯᠡᠵᠦ᠂ ᠶᠡᠷᠦᠩᠬᠡᠢ ᠬᠤᠪᠢ ᠨᠢ 80 ᠬᠤᠪᠢ ᠶᠢ ᠬᠤᠪᠢᠷᠠᠭᠤᠯᠬᠤ ᠦᠭᠡᠢ᠂ ᠡᠭᠦᠨ ᠳᠤ ᠶᠠᠪᠤᠴᠠ ᠶᠢᠨ ᠴᠢᠨᠠᠷᠲᠠᠢ ᠦᠨᠡᠯᠡᠯᠲᠡ 10 ᠬᠤᠪᠢ᠂ ᠨᠢᠭᠡᠳᠦᠯᠲᠡᠢ ᠰᠢᠯᠭᠠᠯᠲᠠ 70 ᠬᠤᠪᠢ ᠪᠣᠯᠣᠨ᠎ᠠ᠃ ᠥᠭᠡᠷᠡᠴᠢᠯᠡᠭᠰᠡᠨ ᠤ ᠳᠠᠷᠠᠭᠠᠬᠢ ︽ᠨᠢᠭᠡᠳᠦᠯᠲᠡᠢ ᠰᠢᠯᠭᠠᠯᠲᠠ︾ ᠨᠢ ᠮᠥᠨ ᠬᠦ ︽3 + X︾ ᠶᠢᠨ ᠵᠠᠭᠪᠤᠷ ᠢ ᠬᠡᠷᠡᠭᠯᠡᠵᠦ ᠪᠣᠶ᠂ ᠲᠤᠬᠠᠶᠢᠯᠠᠪᠠᠯ 3 ᠵᠦᠢᠯ ᠤᠨ ᠵᠠᠪᠠᠯ ᠰᠢᠯᠭᠠᠬᠤ + 1 ᠵᠦᠢᠯ ᠤᠨ ᠰᠣᠩᠭᠤᠨ ᠰᠢᠯᠭᠠᠬᠤ ᠰᠢᠯᠭᠠᠯᠲᠠ ᠳᠤ ᠵᠥᠪᠬᠡᠨ ᠬᠤᠪᠢ ᠶᠢᠨ ᠲᠠᠯ᠎ᠠ ᠪᠠᠷ ᠲᠣᠬᠢᠷᠠᠭᠤᠯᠤᠯᠲᠠ ᠬᠢᠭᠰᠡᠨ ᠲᠡᠳᠦᠢ ᠶᠤᠮ᠃ ᠵᠠᠪᠠᠯ ᠰᠢᠯᠭᠠᠬᠤ ᠵᠦᠢᠯ 60 ᠬᠤᠪᠢ᠂ ᠰᠣᠩᠭᠤᠨ ᠰᠢᠯᠭᠠᠬᠤ ᠵᠦᠢᠯ 10 ᠬᠤᠪᠢ᠃ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠣᠬᠢᠷᠠᠭᠤᠯᠤᠯᠲᠠ ᠬᠢᠬᠦ ᠪᠠᠷ ᠳᠠᠮᠵᠢᠭᠤᠯᠤᠨ᠂ ᠰᠢᠯᠭᠠᠯᠲᠠ ᠶᠢᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠷ ᠲᠣᠬᠢᠷᠠᠭᠤᠯᠵᠤ᠂ ᠰᠤᠷᠤᠭᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ︽ᠰᠢᠯᠭᠠᠯᠲᠠ ᠶᠢᠨ ᠲᠥᠯᠥᠭᠡ ᠪᠣᠯᠪᠠᠰᠤᠷᠠᠬᠤ︾ ᠪᠠᠶᠢᠭᠰᠠᠨ ᠠᠴᠠ ︽ᠪᠡᠶ᠎ᠡ ᠮᠠᠬᠠᠪᠤᠳ ᠤᠨ ᠬᠡᠪ ᠴᠢᠨᠠᠷ ᠤᠨ ᠲᠥᠯᠥᠭᠡ ᠪᠣᠯᠪᠠᠰᠤᠷᠠᠬᠤ︾ ᠪᠣᠯᠭᠠᠨ ᠬᠤᠪᠢᠷᠠᠭᠤᠯᠵᠤ᠂ ᠶᠠᠪᠤᠴᠠ ᠶᠢᠨ ᠦᠨᠡᠯᠡᠯᠲᠡ ᠶᠢ ᠴᠢᠩᠭᠠᠷᠠᠭᠤᠯᠤᠨ᠂ ᠡᠭᠦᠨ ᠤ ᠤᠯᠠᠮ ᠢᠶᠠᠷ ᠦᠨᠡᠯᠡᠬᠦ ᠠᠭᠤᠯᠭ᠎ᠠ ᠨᠢ ᠣᠯᠠᠨ ᠡᠰᠢᠲᠦ᠂ ᠦᠨᠡᠯᠡᠬᠦ ᠠᠷᠭ᠎ᠠ ᠨᠢ ᠣᠯᠠᠨ ᠶᠠᠩᠵᠤ ᠶᠢᠨ᠂ ᠦᠨᠡᠯᠡᠬᠦ ᠪᠡᠶᠡᠴᠢ ᠴᠣᠭᠴᠠ ᠨᠢ ᠣᠯᠠᠨ ᠡᠰᠢᠲᠦ ᠦᠨᠡᠯᠡᠬᠦ ᠰᠢᠰᠲ᠋ᠧᠮ ᠢ ᠪᠠᠶᠢᠭᠤᠯᠵᠤ᠂ ᠪᠥᠬᠦ ᠬᠤᠲᠠ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢ ᠠᠬᠢᠭᠤᠯᠤᠨ᠂ ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠦᠨᠡᠨ ᠬᠦ  ᠲᠡᠭᠡᠭᠰᠢᠯᠡᠭᠦᠯᠪᠡ᠃     ᠰᠢᠯᠭᠠᠯᠲᠠ ᠨᠢ ᠰᠤᠷᠤᠭᠴᠢᠳ ᠤᠨ ᠲᠠᠮᠢᠷ ᠤᠨ ᠪᠣᠯᠪᠠᠰᠤᠷᠠᠯ ᠢ ᠴᠢᠩᠭᠠᠳᠬᠠᠵᠤ ᠪᠣᠯᠣᠨ᠎ᠠ     ᠰᠤᠷᠭᠠᠭᠤᠯᠢ᠂ ᠭᠡᠷ ᠤᠨ ᠠᠬᠠᠮᠠᠳ᠂ ᠪᠦᠬᠦ ᠨᠡᠶᠢᠭᠡᠮ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠ ᠪᠦᠬᠦ ᠲᠠᠯ᠎ᠠ ᠶᠢᠨ ᠬᠥᠭᠵᠢᠯᠲᠡ ᠶᠢ ᠤᠯᠠᠮ ᠠᠴᠠ ᠤᠯᠠᠮ ᠠᠩᠬᠠᠷᠬᠤ ᠪᠣᠯᠪᠠ᠃ ᠦᠬᠠᠨ ᠤ ᠪᠡᠶ᠎ᠡ  ᠶᠢᠨ  ᠲᠠᠮᠢᠷ  ᠤᠨ  ᠳᠡᠭᠡᠳᠦ  ᠰᠤᠷᠭᠠᠭᠤᠯᠢ  ᠶᠢᠨ  ᠫᠷᠤᠹᠧᠰᠰᠤᠷ  ᠯᠢᠦ ᠮᠢᠩ ᠢ  ᠢᠯᠡᠷᠬᠡᠶᠢᠯᠡᠬᠦ ᠳᠡᠭᠡᠨ᠄   ︽ᠰᠢᠯᠭᠠᠯᠲᠠ ᠪᠣᠯ ᠵᠢᠭᠠᠨ ᠰᠤᠷᠭᠠᠯᠲᠠ ᠶᠢᠨ ᠶᠠᠪᠤᠴᠠ ᠶᠢᠨ ᠨᠢᠭᠡᠨ ᠴᠢᠬᠤᠯᠠ ᠭᠤᠭᠴᠤᠭ᠎ᠠ ᠮᠥᠨ᠂ ᠶᠠᠮᠠᠷ ᠬᠢᠴᠢᠶᠡᠯ ᠲᠥᠷᠥᠯ ᠳᠤ ᠴᠦ ᠭᠡᠰᠡᠨ ᠴᠥᠮ ᠬᠤᠭᠤᠴᠠᠭᠠᠨ ᠳᠤᠮᠳᠠᠬᠢ ᠰᠢᠯᠭᠠᠯᠲᠠ᠂ ᠬᠤᠭᠤᠴᠠᠭᠠᠨ ᠡᠴᠦᠰ ᠤᠨ ᠰᠢᠯᠭᠠᠯᠲᠠ᠂ ᠰᠤᠷᠭᠠᠭᠤᠯᠢ ᠳᠡᠪᠰᠢᠬᠦ ᠰᠢᠯᠭᠠᠯᠲᠠ ᠲᠠᠢ ᠪᠠᠶᠢᠵᠤ ᠮᠡᠳᠡᠨ᠎ᠡ᠂ ᠡᠨᠡ ᠨᠢ ᠰᠤᠷᠤᠯᠭ᠎ᠠ ᠶᠢᠨ ᠦᠷ᠎ᠡ ᠪᠦᠲᠦᠭᠡᠯ ᠢ ᠰᠢᠯᠭᠠᠬᠤ ᠶᠢᠨ ᠲᠥᠯᠥᠭᠡ ᠶᠤᠮ᠃ ᠡᠶᠢᠮᠦ ᠠᠴᠠ᠂ ᠪᠡᠶ᠎ᠡ ᠶᠢᠨ ᠲᠠᠮᠢᠷ ᠤᠨ ᠰᠢᠯᠭᠠᠯᠲᠠ ᠳᠤ ᠤᠬᠠᠭᠠᠯᠢᠭ ᠬᠠᠨᠳᠤᠬᠤ ᠬᠡᠷᠡᠭᠲᠡᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠰᠢᠯᠭᠠᠯᠳᠠ ᠶᠢᠨ ᠥᠭᠡᠷᠡᠴᠢᠯᠡᠯᠲᠡ ᠶᠢᠨ ᠳᠠᠷᠠᠭ᠎ᠠ ᠢᠯᠡᠷᠡᠭᠰᠡᠨ ᠶᠠᠪᠤᠴᠠ ᠶᠢᠨ ᠴᠢᠨᠠᠷᠲᠠᠢ ᠰᠢᠯᠭᠠᠯᠲᠠ ᠴᠤ ᠲᠡᠷᠡ᠂ ᠡᠴᠦᠰ ᠤᠨ ᠦᠷ᠎ᠡ ᠳ᠋ᠦᠩ ᠤᠨ ᠦᠨᠡᠯᠡᠨ ᠲᠣᠭᠲᠠᠭᠠᠬᠤ ᠴᠢᠨᠠᠷᠲᠠᠢ ᠰᠢᠯᠭᠠᠯᠲᠠ ᠴᠤ ᠲᠡᠷᠡ᠂ ᠴᠥᠮ ᠰᠤᠷᠤᠭᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠩᠭᠠᠳᠬᠠᠬᠤ ᠶᠢᠨ ᠲᠥᠯᠥᠭᠡ ᠶᠤᠮ᠃ ᠬᠡᠷᠪᠡ ᠰᠢᠯᠭᠠᠯᠲᠠ ᠪᠠᠶᠢᠬᠤ ᠦᠭᠡᠢ ᠪᠣᠯ ᠰᠤᠷᠤᠭᠴᠢᠳ ᠵᠥᠪᠬᠡᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠭᠠᠳ ᠪᠠᠷᠢᠮᠵᠢᠶ᠎ᠠ ᠪᠠᠨ ᠲᠣᠭᠲᠠᠭᠠᠬᠤ ᠦᠭᠡᠢ ᠪᠠᠶᠢᠵᠤ ᠮᠡᠳᠡᠨ᠎ᠡ᠂ ᠭᠡᠪᠡᠴᠦ ᠵᠥᠪᠬᠡᠨ ᠰᠢᠯᠭᠠᠯᠲᠠ ᠶᠢ ᠴᠢᠬᠤᠯᠠᠴᠢᠯᠠᠭᠠᠳ᠂ ᠠᠰᠢᠭ ᠲᠤᠰᠠ ᠶᠢ ᠨᠢ ᠠᠳᠠᠯᠢᠳᠬᠠᠪᠠᠯ᠂ ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ ᠪᠣᠯᠵᠤ ᠬᠤᠪᠢᠷᠠᠨ᠎ᠠ︾ ᠭᠡᠪᠡ᠃     ᠯᠢᠦ ᠮᠢᠩ ᠢ ᠠᠴᠠ᠄ ︽ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠪᠣᠯ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠳᠡᠭᠡᠭᠰᠢᠯᠡᠭᠦᠯᠬᠦ‍ ᠨᠢᠭᠡ ᠵᠦᠢᠯ ᠤᠨ ᠠᠷᠭ᠎ᠠ ᠬᠡᠯᠪᠡᠷᠢ ᠮᠥᠨ᠂ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ᠳᠡᠭᠡᠭᠰᠢᠯᠡᠯᠲᠡ ᠨᠢ ᠣᠷᠳᠣ ᠬᠤᠭᠤᠴᠠᠭᠠᠲᠤ ᠴᠢᠨᠠᠷ ᠪᠠ ᠵᠣᠬᠢᠴᠠᠬᠤ ᠴᠢᠨᠠᠷ ᠤᠨ ᠣᠨᠴᠠᠯᠢᠭ ᠲᠠᠢ ᠪᠠᠶᠢᠵᠤ᠂ ᠠᠳᠠᠯᠢ ᠪᠤᠰᠤ ᠤᠯᠠᠷᠢᠯ᠂ ᠠᠳᠠᠯᠢ ᠪᠤᠰᠤ ᠱᠠᠲᠤ ᠦᠶ᠎ᠡ ᠳᠤ ᠵᠢᠮ᠎ᠡ ᠶᠣᠰᠣ ᠲᠠᠢ ᠪᠣᠯᠪᠠᠰᠤᠷᠠᠯ ᠬᠢᠬᠦ ᠬᠡᠷᠡᠭᠲᠡᠢ᠃ ᠪᠠᠭ᠎ᠠ ᠰᠤᠷᠭᠠᠭᠤᠯᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠪᠣᠯ ᠬᠡᠦᠬᠡᠳ ᠤᠨ ᠥᠰᠦᠯᠲᠡ ᠪᠤᠶᠢᠵᠢᠯᠲᠠ ᠶᠢᠨ ᠰᠡᠷᠭᠡᠭ ᠬᠤᠭᠤᠴᠠᠭ᠎ᠠ ᠪᠣᠯᠣᠨ᠎ᠠ᠂ ᠪᠠᠶᠢᠴᠠᠭᠠᠯᠲᠠ ᠪᠠᠷ ᠳᠡᠮᠵᠢᠨ ᠣᠯᠵᠤ ᠮᠡᠳᠡᠭᠰᠡᠨ ᠨᠢ᠂ ᠬᠡᠳᠦᠢ ᠳᠣᠣᠷ᠎ᠠ ᠠᠩᠭᠢ ᠶᠢᠨ ᠬᠡᠦᠬᠡᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠭᠡᠳ ᠰᠣᠶᠣᠯ ᠤᠨ ᠬᠢᠴᠢᠶᠡᠯ ᠤᠨ ᠰᠤᠷᠤᠯᠴᠠᠯᠭ᠎ᠠ ᠶᠢᠨ ᠬᠤᠭᠤᠷᠣᠨᠳᠣᠬᠢ ᠮᠥᠷᠭᠦᠯᠳᠦᠭᠡᠨ ᠪᠠ ᠵᠥᠷᠢᠴᠡᠯ ᠨᠢ ᠲᠡᠳᠦᠢ ᠪᠠᠭ᠎ᠠ ᠪᠠᠶᠢᠵᠤ᠂ ᠪᠠᠭ᠎ᠠ ᠰᠤᠷᠭᠠᠭᠤᠯᠢ ᠶᠢᠨ ᠱᠠᠲᠤᠨ ᠳᠤ ᠶᠠᠪᠤᠴᠠ ᠶᠢᠨ ᠴᠢᠨᠠᠷᠲᠠᠢ ᠰᠢᠯᠭᠠᠯᠲᠠ ᠶᠢ ᠨᠡᠮᠡᠭᠳᠡᠭᠦᠯᠬᠦ ᠨᠢ ᠲᠡᠳᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠳᠠᠪᠲᠠᠮᠵᠢ ᠪᠠ ᠢᠳᠡᠪᠬᠢᠵᠢᠯ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠬᠠᠷᠠᠬᠠᠨ ᠪᠠᠭ᠎ᠠ ᠠᠴᠠ ᠪᠠᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠪᠠ ᠬᠢᠴᠢᠶᠡᠯ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠴᠢᠬᠤᠯᠠᠴᠢᠯᠠᠬᠤ ᠶᠢ ᠴᠢᠩᠭᠠᠳᠬᠠᠳᠠᠭ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠰᠢᠯᠭᠠᠯᠳᠠ ᠨᠢ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠪᠡᠶ᠎ᠡ ᠲᠠᠮᠢᠷ ᠤᠨ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠬᠠᠮᠲᠤ ᠳᠤᠨᠢ ᠬᠠᠷᠠᠭᠠᠯᠵᠠᠵᠤ᠂ ᠪᠡᠶ᠎ᠡ  ᠶᠢᠨ ᠲᠠᠮᠢᠷ ᠤᠨ ᠬᠥᠳᠡᠯᠭᠡᠭᠡᠨ ᠤ ᠳᠤᠮᠳᠠ ᠬᠠᠪᠤ ᠴᠡᠩᠭᠡᠯ ᠢ  ᠡᠳ᠋ᠯᠡᠵᠦ᠂ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠶᠢ ᠬᠥᠮᠥᠵᠢᠭᠦᠯᠬᠦ ᠳᠤ ᠠᠰᠢᠭᠲᠠᠢ ᠪᠠᠶᠢᠳᠠᠭ᠂ ᠡᠲᠡᠭᠡᠷ ᠢ ᠴᠥᠮ ᠣᠯᠣᠭᠰᠠᠨ ᠤ ᠬᠤᠪᠢ ᠪᠠᠷ ᠬᠡᠮᠵᠢᠵᠦ ᠳᠡᠶᠢᠯᠬᠦ ᠦᠭᠡᠢ ᠶᠤᠮ︾ ᠭᠡᠵᠡᠢ᠃     ᠯᠢᠦ ᠮᠢᠩ ᠢ ᠢᠯᠡᠷᠬᠡᠶᠢᠯᠡᠬᠦ ᠳᠡᠭᠡᠨ᠄ ︽ᠬᠦᠨᠳᠦ ᠬᠥᠩᠭᠡᠨ ᠪᠡᠶ᠎ᠡ ᠶᠢᠨ ᠲᠠᠮᠢᠷ᠂ ᠪᠥᠮᠪᠥᠭᠡᠨ ᠤ ᠲᠥᠷᠥᠯ ᠪᠤᠶᠤ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠰᠢᠯᠭᠠᠯᠲᠠ ᠶᠢᠨ ᠠᠳᠬᠤᠬᠤ ᠬᠦᠴᠦ᠂ ᠪᠡᠶ᠎ᠡ ᠪᠠᠨ ᠳᠡᠭᠡᠭᠰᠢ ᠲᠠᠲᠠᠬᠤ ᠵᠡᠷᠭᠡ ᠶᠢ ᠴᠥᠮ ᠬᠡᠮᠵᠢᠶᠡᠯᠡᠵᠦ ᠪᠣᠯᠣᠨ᠎ᠠ᠃ ᠶᠠᠪᠤᠴᠠ ᠶᠢᠨ ᠴᠢᠨᠠᠷᠲᠠᠢ ᠬᠢᠨᠠᠨ ᠰᠢᠯᠭᠠᠯᠲᠠ ᠶᠢ ᠨᠡᠮᠡᠭᠳᠡᠭᠦᠯᠪᠡᠯ᠂ ᠰᠤᠷᠤᠭᠴᠢᠳ ᠤᠨ ᠨᠢᠭᠡ ᠱᠠᠲᠤᠨ ᠤ ᠪᠡᠶ᠎ᠡ ᠮᠠᠬᠠᠪᠤᠳ ᠤᠨ ᠬᠡᠪ ᠴᠢᠨᠠᠷ ᠤᠨ ᠬᠤᠪᠢᠷᠠᠯᠲᠠ ᠶᠢ ᠣᠯᠵᠤ ᠬᠠᠷᠠᠵᠤ ᠪᠣᠯᠣᠨ᠎ᠠ᠂ ᠡᠨᠡ ᠨᠢ ᠢᠷᠡᠭᠡᠳᠦᠢ ᠳᠤ ᠨᠠᠩ ᠰᠢᠨᠵᠢᠯᠡᠬᠦ ᠤᠬᠠᠭᠠᠨᠴᠢ ᠪᠣᠯᠪᠠᠰᠤᠷᠠᠯ ᠬᠢᠬᠦ ᠪᠠ ᠪᠡᠶ᠎ᠡ ᠳᠡᠭᠡᠨ ᠲᠣᠬᠢᠷᠠᠭᠰᠠᠨ ᠲᠠᠮᠢᠷ ᠤᠨ ᠬᠥᠳᠡᠯᠭᠡᠭᠡᠨ ᠤ ᠵᠦᠢᠯ ᠢ ᠰᠣᠩᠭᠤᠬᠤ ᠳᠤ ᠠᠰᠢᠭᠲᠠᠢ ᠶᠤᠮ︾ ᠭᠡᠵᠡᠢ᠃
 
ᠢᠷᠡᠯᠲᠡ᠄ ᠠᠷᠠᠳ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号