2023 ᠳᠤᠮᠳᠠᠳᠤ ᠤᠯᠤᠰ · ᠡᠵᠡᠨ᠎ᠡ ᠶᠢᠨ ᠳᠣᠯᠣᠳᠤᠭᠠᠷ ᠬᠤᠭᠤᠴᠠᠭᠠᠨ ᠤ ᠲᠣᠣᠷᠠᠢ ᠶᠢᠨ ᠤᠢ ᠶᠢ ᠲᠣᠭᠤᠷᠢᠬᠤ ᠳᠤᠭᠤᠢ ᠲᠡᠷᠭᠡᠨ ᠤ ᠤᠷᠢᠯᠭ᠎ᠠ ᠶᠢᠨ ᠤᠷᠤᠯᠳᠤᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2023/9/20
   9 ᠰᠠᠷ᠎ᠠ ᠶᠢᠨ 13 ᠤ ᠡᠳᠦᠷ᠂ ︽2023 ᠳᠤᠮᠳᠠᠳᠤ ᠤᠯᠤᠰ · ᠡᠵᠡᠨ᠎ᠡ ᠶᠢᠨ ᠳᠣᠯᠣᠳᠤᠭᠠᠷ ᠬᠤᠭᠤᠴᠠᠭᠠᠨ ᠤ  ᠲᠣᠣᠷᠠᠢ  ᠶᠢᠨ  ᠤᠢ ᠶᠢ ᠲᠣᠭᠤᠷᠢᠬᠤ  ᠳᠤᠭᠤᠢ  ᠲᠡᠷᠭᠡᠨ ᠤ ᠤᠷᠢᠯᠭ᠎ᠠ ᠶᠢᠨ ᠤᠷᠤᠯᠳᠤᠭᠠᠨ︾ ᠪᠣᠯᠣᠨ  2023   ︽ᠭᠤᠪᠢ ᠶᠢᠨ ᠨᠣᠭᠤᠭᠠᠨ ᠪᠦᠷᠢᠳᠦ︾ ᠡᠵᠡᠨ᠎ᠡ ᠶᠢᠨ ᠲᠣᠣᠷᠠᠢ ᠶᠢᠨ ᠤᠢ ᠶᠢ ᠶᠠᠪᠠᠭᠠᠨ ᠢᠶᠠᠷ ᠲᠤᠭᠤᠯᠬᠤ ᠨᠠᠶᠢᠷ ᠵᠢᠴᠢ ᠬᠡᠭᠡᠷᠡᠯᠡᠨ ᠭᠦᠶᠦᠬᠦ ᠤᠷᠤᠯᠳᠤᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠪᠡᠭᠡᠵᠢᠩ ᠳᠤ ᠶᠠᠪᠤᠭᠳᠠᠵᠤ᠂ ᠳᠤᠮᠳᠠᠳᠤ  ᠤᠯᠤᠰ  ᠤᠨ  ᠣᠯᠢᠮᠫᠢᠺ  ᠤᠨ  ᠲᠠᠮᠢᠷ  ᠤᠨ  ᠴᠤᠭᠯᠠᠭᠠᠨ  ᠤ  ᠠᠩᠬᠠᠳᠠᠭᠴᠢ  ᠠᠯᠲᠠᠨ ᠮᠧᠳᠠᠯ ᠭᠦᠷᠲᠡᠭᠴᠢ᠂ ︽ᠥᠭᠡᠷᠡᠴᠢᠯᠡᠯᠲᠡ ᠨᠡᠭᠡᠭᠡᠯᠲᠡ ᠶᠢᠨ ᠬᠤᠰᠢᠭᠤᠴᠢ︾ ᠶᠢᠨ ᠴᠣᠯᠠ ᠭᠦᠷᠲᠡᠭᠴᠢ ᠰᠢᠦᠢ ᠬᠠᠢ ᠹᠧᠩ᠂ ᠳᠤᠮᠳᠠᠳᠤ ᠤᠯᠤᠰ ᠤᠨ ᠳᠤᠭᠤᠢ ᠲᠡᠷᠭᠡᠨ ᠤ ᠲᠠᠮᠢᠷᠴᠢᠨ᠂ ᠠᠭᠤᠯᠠᠨ ᠭᠠᠵᠠᠷ ᠤᠨ ᠳᠤᠭᠤᠢ ᠲᠡᠷᠭᠡᠨ ᠤ ᠤᠯᠤᠰ ᠤᠨ ᠮᠠᠩᠯᠠᠢ ᠹᠧᠩ ᠺᠤᠸᠠᠨ ᠵᠢᠶᠧ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃         ᠶᠣᠰᠣᠯᠠᠯ ᠳᠡᠭᠡᠷ᠎ᠡ᠂ ᠡᠵᠡᠨ᠎ᠡ ᠬᠤᠰᠢᠭᠤ ᠠᠴᠠ ᠤᠯᠤᠰ ᠤᠨ ᠳᠣᠲᠣᠭᠠᠳᠤ ᠭᠠᠳᠠᠭᠠᠳᠤ ᠶᠢᠨ ᠥᠷᠭᠡᠨ ᠤᠯᠠᠨ ᠮᠠᠰᠢᠨ ᠲᠡᠷᠭᠡᠨ ᠤ ᠪᠠᠭ᠋ᠠᠲᠠᠳ ᠲᠤ ᠴᠢᠩ ᠰᠡᠳᠬᠢᠯ ᠤᠨ ᠤᠷᠢᠯᠭ᠎ᠠ ᠲᠠᠯᠪᠢᠬᠤ ᠶᠢᠨ ᠬᠠᠮᠲᠤ᠂ ᠹᠧᠩ ᠺᠤᠸᠠᠨ ᠵᠢᠶᠧ ᠳᠤ ᠤᠷᠤᠯᠳᠤᠭᠠᠨ ᠤ ᠶᠠᠪᠤᠳᠠᠯ ᠢ ᠳᠡᠯᠭᠡᠷᠡᠭᠦᠯᠬᠦ ᠡᠯᠴᠢᠨ ᠰᠠᠶᠢᠳ ᠢᠶᠠᠷ ᠤᠷᠢᠬᠤ ᠤᠷᠢᠯᠭ᠎ᠠ ᠶᠢᠨ ᠪᠢᠴᠢᠭ ᠭᠠᠷᠳᠠᠭᠤᠯᠪᠠ᠃        ︽2023 ᠳᠤᠮᠳᠠᠳᠤ ᠤᠯᠤᠰ · ᠡᠵᠡᠨ᠎ᠡ ᠶᠢᠨ ᠳᠣᠯᠣᠳᠤᠭᠠᠷ ᠬᠤᠭᠤᠴᠠᠭᠠᠨ ᠤ ᠲᠣᠣᠷᠠᠢ ᠶᠢᠨ ᠤᠢ ᠶᠢ ᠲᠣᠭᠤᠷᠢᠬᠤ ᠳᠤᠭᠤᠢ ᠲᠡᠷᠭᠡᠨ ᠤ ᠤᠷᠢᠯᠭ᠎ᠠ ᠶᠢᠨ ᠤᠷᠤᠯᠳᠤᠭᠠᠨ︾ 10 ᠰᠠᠷ᠎ᠠ ᠶᠢᠨ 14 — 15 ᠤ ᠡᠳᠦᠷ ᠪᠤᠯᠲᠠᠯ᠎ᠠ ᠡᠵᠡᠨ᠎ᠡ ᠬᠤᠰᠢᠭᠤᠨ ᠳᠤ ᠶᠠᠪᠤᠭᠳᠠᠵᠤ᠂ 2023 ︽ᠭᠤᠪᠢ ᠶᠢᠨ ᠨᠣᠭᠤᠭᠠᠨ ᠪᠦᠷᠢᠳᠦ︾ ᠡᠵᠡᠨ᠎ᠡ ᠶᠢᠨ ᠲᠣᠣᠷᠠᠢ ᠶᠢᠨ ᠤᠢ ᠶᠢ ᠶᠠᠪᠠᠭᠠᠨ ᠢᠶᠠᠷ ᠲᠤᠭᠤᠯᠬᠤ ᠨᠠᠶᠢᠷ ᠵᠢᠴᠢ ᠬᠡᠭᠡᠷᠡᠯᠡᠨ ᠭᠦᠶᠦᠬᠦ ᠤᠷᠤᠯᠳᠤᠭᠠᠨ 9 ᠰᠠᠷ᠎ᠠ ᠶᠢᠨ 23 — 24 ᠤ ᠡᠳᠦᠷ ᠪᠤᠯᠲᠠᠯ᠎ᠠ ᠡᠵᠡᠨ᠎ᠡ ᠬᠤᠰᠢᠭᠤᠨ ᠳᠤ ᠶᠠᠪᠤᠭᠳᠠᠬᠤ ᠪᠠᠷ ᠪᠤᠢ᠃ ᠤᠷᠤᠯᠳᠤᠭᠠᠨ ᠤ ᠵᠠᠮ ᠱᠤᠭᠤᠮ ᠨᠢ ᠰᠤᠪᠠᠨᠠᠭᠤᠷ᠂ ᠭᠤᠪᠢ᠂ ᠡᠯᠡᠰᠦ ᠮᠠᠩᠬ᠎ᠠ᠂ ᠵᠠᠭ ᠤᠨ ᠤᠢ᠂ ᠲᠣᠣᠷᠠᠢ ᠶᠢᠨ ᠤᠢ ᠵᠡᠷᠭᠡ ᠪᠠᠶᠢᠭᠠᠯᠢ ᠶᠢᠨ ᠦᠵᠡᠮᠵᠢ ᠶᠢᠨ ᠣᠷᠣᠨ ᠢᠶᠠᠷ ᠥᠩᠭᠡᠷᠡᠵᠦ᠂ ᠤᠷᠤᠯᠳᠤᠭᠠᠨ ᠳᠤ ᠪᠠᠰᠠ ᠳᠤᠭᠤᠢ ᠲᠡᠷᠭᠡᠨ ᠤ ᠭᠤᠣᠯ ᠰᠡᠳᠦᠪᠲᠦ ᠪᠢᠴᠢᠯ ᠸᠢᠳᠢᠤ᠋ ᠪᠤᠯᠤᠩ᠂ ᠨᠠᠷᠠᠲᠤ ᠬᠥᠮᠥᠰ ᠤᠨ ᠤᠷᠠᠨ ᠪᠢᠴᠢᠯᠭᠡ ᠤᠷᠠᠨ ᠵᠢᠷᠤᠭ ᠤᠨ ᠤᠷᠢᠯᠭ᠎ᠠ ᠶᠢᠨ ᠦᠵᠡᠭᠦᠯᠭᠡ᠂ ᠳᠠᠭᠤᠤ ᠬᠥᠭᠵᠢᠮ ᠤᠨ ᠦᠳᠡᠰᠢᠯᠡᠭᠡ ᠵᠡᠷᠭᠡ ᠠᠯᠢ ᠣᠯᠠᠨ ᠠᠵᠢᠯᠯᠠᠭ᠎ᠠ ᠶᠢ ᠰᠢᠨ᠎ᠡ ᠪᠠᠷ ᠨᠡᠮᠡᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号