2023 — 2024 ᠤᠷᠤᠯᠳᠤᠭᠠᠨ ᠤ ᠤᠯᠠᠷᠢᠯ ᠤᠨ ᠳᠤᠮᠳᠠᠳᠤ ᠤᠯᠤᠰ ᠬᠤᠨᠳᠠᠭᠠᠲᠤ ᠤᠶᠢᠷ᠎ᠠ ᠵᠠᠢ ᠶᠢᠨ ᠲᠦᠷᠭᠡᠨ ᠲᠡᠰᠢᠯᠲᠡ ᠶᠢᠨ ᠰᠤᠳᠤᠨ ᠲᠠᠮᠢᠷᠴᠢᠳ ᠤᠨ ᠬᠤᠯᠪᠣᠭᠠᠲᠤ ᠤᠷᠤᠯᠳᠤᠭᠠᠨ ᠤ ᠬᠦᠬᠡᠬᠤᠳᠠ ᠥᠷᠲᠡᠭᠡ ᠵᠢᠴᠢ ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠢᠷᠢ ᠬᠡᠮ ᠤᠨ ᠤᠷᠤᠯᠳᠤᠭᠠᠨ ᠦᠨᠳᠦᠷᠯᠡᠪᠡ
ᠨᠡᠶᠢᠲᠡᠯᠡᠭᠰᠡᠨ ᠴᠠᠭ᠄
2023/9/20
    9 ᠰᠠᠷ᠎ᠠ ᠶᠢᠨ 17 ᠤ ᠡᠳᠦᠷ᠂ 2023 ︱ 2024 ᠤᠷᠤᠯᠳᠤᠭᠠᠨ ᠤ ᠤᠯᠠᠷᠢᠯ ᠤᠨ ᠳᠤᠮᠳᠠᠳᠤ ᠤᠯᠤᠰ ᠬᠤᠨᠳᠠᠭᠠᠲᠤ ᠤᠶᠢᠷ᠎ᠠ ᠵᠠᠢ ᠶᠢᠨ ᠲᠦᠷᠭᠡᠨ ᠲᠡᠰᠢᠯᠲᠡ ᠶᠢᠨ ᠰᠤᠳᠤᠨ ᠲᠠᠮᠢᠷᠴᠢᠳ ᠤᠨ ᠬᠤᠯᠪᠣᠭᠠᠲᠤ ᠤᠷᠤᠯᠳᠤᠭᠠᠨ ᠤ ᠬᠦᠬᠡᠬᠤᠳᠠ ᠥᠷᠲᠡᠭᠡ ᠵᠢᠴᠢ ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ  ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠢᠷᠢ ᠬᠡᠮ ᠤᠨ ᠤᠷᠤᠯᠳᠤᠭᠠᠨ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠥᠪ ᠲᠤ ᠦᠨᠳᠦᠷᠯᠡᠪᠡ᠃ 6 ᠡᠳᠦᠷ ᠤᠨ ᠤᠷᠤᠯᠳᠤᠭᠠᠨ ᠳᠤ᠂ ᠯᠢᠨ ᠰᠢᠶᠣᠣ ᠵᠢᠶᠦ᠋ᠨ᠂ ᠦ᠋ ᠳ᠋ᠡ ᠵᠢᠩ᠂ ᠷᠧᠨ ᠽᠢ ᠸᠧᠢ᠂ ᠰᠦᠨ ᠯᠦᠩ᠂ ᠯᠢᠦ ᠱᠤᠤ ᠯᠢᠨ᠂ ᠯᠢᠦ ᠱᠤᠤ ᠠᠩ ᠵᠡᠷᠭᠡ ᠣᠯᠢᠮᠫᠢᠺ ᠤᠨ ᠲᠠᠮᠢᠷ ᠤᠨ ᠴᠤᠭᠯᠠᠭᠠᠨ ᠤ ᠣᠳᠣᠳ ᠬᠥᠬᠡᠬᠤᠲᠠ ᠳᠤ ᠬᠦᠷᠦᠯᠴᠠᠨ ᠢᠷᠡᠵᠦ ᠤᠷᠤᠯᠳᠤᠭᠠᠨ ᠳᠤ ᠤᠷᠤᠯᠴᠠᠪᠠ᠂ ᠪᠦᠬᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠦᠵᠡᠭᠴᠢᠳ ᠥᠪᠥᠷ ᠮᠣᠩᠭᠤᠯ ᠤᠨ ᠮᠥᠰᠥ ᠴᠠᠰᠤᠨ ᠤ ᠷᠢᠳᠢ ᠰᠢᠳᠢ ᠶᠢ ᠬᠠᠮᠲᠤᠪᠠᠷ ᠮᠡᠳᠡᠷᠡᠪᠡ᠃     ᠬᠠᠮᠤᠭ ᠰᠡᠭᠦᠯ ᠤᠨ ᠨᠢᠭᠡ ᠡᠳᠦᠷ ᠤᠨ ᠤᠷᠤᠯᠳᠤᠭᠠᠨ ᠳᠤ᠂ ᠡᠷᠡᠭᠲᠡᠢ ᠡᠮᠡᠭᠲᠡᠢ ᠶᠢᠨ 1000 ᠮᠧᠲᠷ ᠤᠨ ᠤᠷᠤᠯᠳᠤᠭᠠᠨ᠂ 2000 ᠮᠧᠲᠷ ᠤᠨ ᠡᠷᠡᠭᠳᠡᠢ ᠡᠮᠡᠭᠳᠡᠢ ᠶᠢᠨ ᠪᠦᠯᠬᠦᠮ ᠤᠨ ᠤᠷᠤᠯᠳᠤᠭᠠᠨ ᠪᠠ ᠡᠮᠡᠭᠲᠡᠢ ᠶᠢᠨ 3000 ᠮᠧᠲᠷ ᠤᠨ ᠪᠤᠤᠬᠢᠶ᠎ᠠ ᠤᠷᠤᠯᠳᠤᠭᠠᠨ᠂ ᠡᠷᠡᠭᠲᠡᠢ ᠶᠢᠨ 5000 ᠮᠧᠲᠷ ᠤᠨ ᠪᠤᠤᠬᠢᠶ᠎ᠠ ᠤᠷᠤᠯᠳᠤᠭᠠᠨ ᠶᠠᠪᠤᠭᠳᠠᠵᠠᠢ᠃ ᠲᠤᠰ ᠤᠳᠠᠭᠠᠨ ᠤ ᠤᠷᠤᠯᠳᠤᠭᠠᠨ ᠳᠤ ᠣᠯᠠᠨ ᠤ ᠬᠦᠷᠢᠶᠡᠯᠡᠯ ᠢ ᠬᠠᠮᠤᠭ ᠠᠴᠠ ᠬᠦᠷᠳᠡᠭᠰᠡᠨ ᠲᠠᠮᠢᠷᠴᠢᠨ ᠯᠢᠨ ᠰᠢᠶᠣᠣ ᠵᠢᠶᠦ᠋ᠨ ᠤ ᠭᠠᠷ ᠨᠢ ᠰᠢᠷᠬᠠᠲᠤᠭᠰᠠᠨ ᠠᠴᠠ ᠪᠣᠯᠵᠤ ᠲᠤᠬᠠᠢ ᠶᠢᠨ ᠡᠳᠦᠷ ᠤᠨ ᠤᠷᠤᠯᠳᠤᠭᠠᠨ ᠳᠤ ᠣᠷᠣᠯᠴᠠᠭᠰᠠᠨ ᠦᠭᠡᠢ᠃ 15 ᠴᠠᠭ ᠤᠨ ᠦᠶ᠎ᠡ ᠪᠠᠷ᠂ ᠬᠥᠬᠡᠬᠤᠲᠠ ᠳᠤ ᠪᠣᠷᠣᠭᠠᠨ ᠣᠷᠣᠵᠤ ᠪᠠᠶᠢᠭᠰᠠᠨ ᠴᠦ ᠴᠥᠭᠡᠨ ᠪᠤᠰᠤ ᠦᠵᠡᠭᠴᠢᠳ ᠯᠢᠨ ᠰᠢᠶᠣᠣ ᠵᠢᠶᠦ᠋ᠨ ᠤ ᠬᠦᠷᠴᠦ ᠢᠷᠡᠬᠦ ᠶᠢ ᠬᠦᠯᠢᠶᠡᠪᠡ᠂ ᠪᠡᠭᠡᠵᠢᠩ ᠠᠴᠠ ᠢᠷᠡᠭᠰᠡᠨ ᠨᠢᠭᠡ ᠦᠵᠡᠭᠴᠢ ᠰᠤᠷᠪᠤᠯᠵᠢᠯᠠᠭᠴᠢ ᠳᠤ᠄ ︽ᠪᠢᠳᠡ ᠪᠣᠯ ᠯᠢᠨ ᠰᠢᠶᠣᠣ ᠵᠢᠶᠦ᠋ᠨ ᠤ ᠹᠧᠨ ᠪᠣᠯᠣᠨ᠎ᠠ᠂ ᠲᠡᠷᠡ ᠬᠡᠳᠦᠶᠢᠪᠡᠷ ᠰᠢᠷᠬᠠᠲᠤᠭᠰᠠᠨ ᠠᠴᠠ ᠪᠣᠯᠵᠤ ᠤᠷᠤᠯᠳᠤᠭᠠᠨ ᠳᠤ ᠣᠷᠣᠯᠴᠠᠵᠤ ᠳᠡᠶᠢᠯᠬᠦ ᠦᠭᠡᠢ ᠪᠣᠯᠪᠠᠴᠤ ᠲᠡᠭᠦᠨ ᠤ ᠡᠷᠲᠡᠬᠡᠨ ᠡᠷᠡᠭᠦᠯᠵᠢᠵᠦ᠂ ᠡᠷᠲᠡᠬᠡᠨ ᠮᠥᠰᠥᠨ ᠲᠠᠯᠠᠪᠠᠶ ᠳᠤ ᠪᠤᠴᠠᠵᠤ ᠢᠷᠡᠬᠦ ᠶᠢ ᠬᠦᠰᠡᠵᠦ ᠪᠠᠶᠢᠨ᠎ᠠ︾ ᠭᠡᠵᠦ ᠪᠠᠶᠢᠪᠠ᠃     ᠢᠯᠡ ᠳᠤᠭᠤᠶᠢᠯᠠᠩ ᠤᠨ ᠤᠷᠤᠯᠳᠤᠭᠠᠨ ᠳᠤ᠂ ᠲᠢᠶᠠᠨᠵᠢᠨ ᠠᠩᠭᠢ ᠶᠢᠨ ᠲᠠᠮᠢᠷᠴᠢᠨ ᠯᠢᠦ ᠱᠣᠣ ᠠᠩ ᠡᠷᠡᠭᠲᠡᠢ ᠶᠢᠨ 1000 ᠮᠧᠲᠷ ᠤᠨ ᠤᠷᠤᠯᠳᠤᠭᠠᠨ ᠤ ᠮᠠᠩᠯᠠᠢ ᠳᠤ ᠰᠢᠯᠭᠠᠷᠠᠵᠤ᠂ ᠱᠠᠨᠳᠦ᠋ᠩ ᠠᠩᠭᠢ ᠶᠢᠨ ᠲᠠᠮᠢᠷᠴᠢᠨ ᠬᠥᠩ ᠯᠢ ᠡᠮᠡᠭᠲᠡᠢ ᠶᠢᠨ 1000 ᠮᠧᠲᠷ ᠤᠨ  ᠤᠷᠤᠯᠳᠤᠭᠠᠨ ᠤ ᠮᠠᠩᠯᠠᠢ ᠳᠤ ᠰᠢᠯᠭᠠᠷᠠᠵᠠᠢ᠃ ᠬᠠᠷᠠᠮᠦ᠋ᠷᠡᠨ ᠤ ᠠᠩᠭᠢ 2000 ᠮᠧᠲᠷ ᠤᠨ ᠡᠷᠡᠭᠳᠡᠢ ᠡᠮᠡᠭᠳᠡᠢ ᠶᠢᠨ ᠪᠦᠯᠬᠦᠮ ᠤᠨ ᠪᠤᠤᠬᠢᠶ᠎ᠠ ᠤᠷᠤᠯᠳᠤᠭᠠᠨ ᠤ ᠮᠠᠩᠯᠠᠢ ᠳᠤ ᠰᠢᠯᠭᠠᠷᠠᠵᠠᠢ᠃ ᠭᠢᠷᠢᠨ ᠤ ᠠᠩᠭᠢ ᠡᠷᠡᠭᠲᠡᠢ ᠶᠢᠨ 5000 ᠮᠧᠲᠷ ᠤᠨ ᠪᠤᠤᠬᠢᠶ᠎ᠠ ᠤᠷᠤᠯᠳᠤᠭᠠᠨ ᠪᠠ ᠡᠮᠡᠭᠲᠡᠢ ᠶᠢᠨ 3000 ᠮᠧᠲᠷ ᠤᠨ ᠪᠤᠤᠬᠢᠶ᠎ᠠ ᠤᠷᠤᠯᠳᠤᠭᠠᠨ ᠳᠤ ᠮᠠᠩᠯᠠᠶᠢᠯᠠᠪᠠ᠃     ᠤᠷᠤᠯᠳᠤᠭᠠᠨ  ᠤ  ᠳᠠᠷᠠᠭ᠎ᠠ᠂ ᠲᠢᠶᠠᠨᠵᠢᠨ  ᠠᠩᠭᠢ  ᠶᠢᠨ  ᠯᠢᠦ  ᠱᠣᠣ  ᠯᠢᠨ  ᠰᠤᠷᠪᠤᠯᠵᠢᠯᠠᠭᠴᠢ  ᠳᠤ᠄     ︽ᠬᠥᠬᠡᠬᠤᠲᠠ ᠶᠢᠨ ᠲᠡᠭᠷᠢ ᠨᠢ ᠴᠡᠯᠮᠡᠭ᠂ ᠠᠭᠠᠷ ᠨᠢ ᠰᠤᠷᠭᠤᠭ᠂ ᠪᠢ ᠡᠨᠡ ᠬᠤᠲᠠ ᠶᠢ ᠣᠨᠴᠠᠭᠠᠶ ᠪᠠᠭ᠋ᠠᠷᠬᠠᠳᠠᠭ᠂ ᠤᠷᠤᠯᠳᠤᠭᠠᠨ ᠤ ᠰᠢᠯᠲᠠᠭᠠᠨ ᠠᠴᠠ ᠪᠣᠯᠵᠤ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠢ ᠣᠯᠵᠤ ᠠᠮᠲᠠᠯᠠᠭᠰᠠᠨ ᠦᠭᠡᠢ᠂ ᠳᠠᠷᠠᠭ᠎ᠠ ᠤᠳᠠᠭ᠎ᠠ ᠵᠠᠪᠰᠢᠶᠠᠨ ᠲᠠᠢ ᠪᠣᠯ ᠬᠥᠬᠡᠬᠤᠲᠠ ᠳᠤ ᠳᠠᠬᠢᠨᠲᠠ ᠢᠷᠡᠵᠦ᠂ ᠠᠳᠡᠬᠢ ᠦᠵᠡᠮᠵᠢ ᠶᠢ ᠰᠣᠨᠢᠷᠬᠠᠬᠤ ᠶᠢ ᠬᠦᠰᠡᠵᠦ ᠪᠠᠶᠢᠨ᠎ᠠ︾ ᠭᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号