2023 — 2024 ᠤᠷᠤᠯᠳᠤᠭᠠᠨ ᠤ ᠤᠯᠠᠷᠢᠯ ᠤᠨ ᠳᠤᠮᠳᠠᠳᠤ ᠤᠯᠤᠰ ᠬᠤᠨᠳᠠᠭᠠᠲᠤ ᠤᠶᠢᠷ᠎ᠠ ᠵᠠᠢ ᠶᠢᠨ ᠲᠦᠷᠭᠡᠨ ᠲᠡᠰᠢᠯᠲᠡ ᠶᠢᠨ ᠰᠤᠳᠤᠨ ᠲᠠᠮᠢᠷᠴᠢᠳ ᠤᠨ ᠬᠤᠯᠪᠣᠭᠠᠲᠤ ᠤᠷᠤᠯᠳᠤᠭᠠᠨ ᠤ ᠨᠢᠭᠡᠳᠦᠭᠡᠷ ᠥᠷᠲᠡᠭᠡ ᠵᠢᠴᠢ ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠢᠷᠢ ᠬᠡᠮ ᠤᠨ ᠤᠷᠤᠯᠳᠤᠭᠠᠨ ᠳᠤ ᠮᠠᠨ ᠤ ᠣᠷᠣᠨ ᠤ ᠲᠠᠮᠢᠷᠴᠢᠳ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2023/9/20
    2023 ︱ 2024 ᠤᠷᠤᠯᠳᠤᠭᠠᠨ ᠤ ᠤᠯᠠᠷᠢᠯ ᠤᠨ ᠳᠤᠮᠳᠠᠳᠤ ᠤᠯᠤᠰ ᠬᠤᠨᠳᠠᠭᠠᠲᠤ ᠤᠶᠢᠷ᠎ᠠ ᠵᠠᠢ ᠶᠢᠨ ᠲᠦᠷᠭᠡᠨ ᠲᠡᠰᠢᠯᠲᠡ ᠶᠢᠨ ᠰᠤᠳᠤᠨ ᠲᠠᠮᠢᠷᠴᠢᠳ ᠤᠨ ᠬᠤᠯᠪᠣᠭᠠᠲᠤ ᠤᠷᠤᠯᠳᠤᠭᠠᠨ ᠤ ᠨᠢᠭᠡᠳᠦᠭᠡᠷ ᠥᠷᠲᠡᠭᠡ ᠵᠢᠴᠢ ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠢᠷᠢ ᠬᠡᠮ ᠤᠨ ᠤᠷᠤᠯᠳᠤᠭᠠᠨ 9 ᠰᠠᠷ᠎ᠠ ᠶᠢᠨ 12 ᠤᠨ ᠡᠳᠦᠷ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠥᠪ ᠲᠤ ᠡᠬᠢᠯᠡᠪᠡ᠃ ᠤᠷᠤᠯᠳᠤᠭᠠᠨ ᠳᠤ ᠢᠯᠡ ᠳᠤᠭᠤᠶᠢᠯᠠᠩ ᠪᠠ ᠵᠠᠯᠠᠭᠤᠴᠤᠳ ᠤᠨ ᠳᠤᠭᠤᠶᠢᠯᠠᠩ ︵ᠲᠥᠷᠥᠯ ᠵᠦᠢᠯ ᠳᠤ ᠡᠷᠡᠭᠲᠡᠢ ᠡᠮᠡᠭᠲᠡᠢ ᠶᠢᠨ 500 ᠮᠧᠲᠷ ᠤᠨ ᠤᠷᠤᠯᠳᠤᠭᠠᠨ᠂ ᠡᠷᠡᠭᠲᠡᠢ ᠡᠮᠡᠭᠲᠡᠢ ᠶᠢᠨ 1000 ᠮᠧᠲᠷ   ᠤᠨ ᠤᠷᠤᠯᠳᠤᠭᠠᠨ᠂ ᠡᠷᠡᠭᠲᠡᠢ ᠡᠮᠡᠭᠲᠡᠢ ᠶᠢᠨ 1500 ᠮᠧᠲᠷ ᠤᠨ ᠤᠷᠤᠯᠳᠤᠭᠠᠨ᠂ ᠡᠷᠡᠭᠲᠡᠢ ᠶᠢᠨ 5000 ᠮᠧᠲᠷ ᠤᠨ ᠪᠤᠤᠬᠢᠶ᠎ᠠ ᠤᠷᠤᠯᠳᠤᠭᠠᠨ᠂ ᠡᠮᠡᠭᠲᠡᠢ ᠶᠢᠨ 3000 ᠮᠧᠲᠷ ᠤᠨ ᠪᠤᠤᠬᠢᠶ᠎ᠠ ᠤᠷᠤᠯᠳᠤᠭᠠᠨ᠂  ᠡᠷᠡᠭᠳᠡᠢ ᠡᠮᠡᠭᠳᠡᠢ ᠪᠦᠯᠬᠦᠮ ᠤᠨ 2000 ᠮᠧᠲᠷ ᠤᠨ ᠪᠤᠤᠬᠢᠶ᠎ᠠ ᠤᠷᠤᠯᠳᠤᠭᠠᠨ︶ ᠲᠣᠬᠢᠷᠠᠭᠤᠯᠵᠤ᠂ ᠮᠠᠨ ᠤ ᠣᠷᠣᠨ ᠨᠡᠶᠢᠲᠡ 16 ᠲᠠᠮᠢᠷᠴᠢᠨ ᠤᠷᠤᠯᠳᠤᠭᠠᠨ ᠳᠤ ᠣᠷᠣᠯᠴᠠᠵᠠᠢ᠃     ᠮᠠᠨ ᠤ ᠣᠷᠣᠨ ᠢ ᠲᠥᠯᠥᠭᠡᠯᠡᠨ ᠤᠷᠤᠯᠳᠤᠭᠠᠨ ᠳᠤ ᠣᠷᠣᠯᠴᠠᠭᠰᠠᠨ 16 ᠲᠠᠮᠢᠷᠴᠢᠨ ᠤ ᠳᠣᠲᠣᠷ᠎ᠠ ᠠᠴᠠ 6 ᠲᠠᠮᠢᠷᠴᠢᠨ ᠨᠢ ᠳ᠋ᠠᠩ ᠲᠦᠷᠦᠯ ᠤᠨ ᠲᠦᠷᠦᠭᠦᠦ ᠨᠠᠢᠮᠠ ᠳᠤ ᠣᠷᠣᠵᠤ᠂ 12 ᠲᠠᠮᠢᠷᠴᠢᠨ ᠪᠦᠬᠦᠨ ᠢᠶᠠᠷ ᠢᠶᠠᠨ ᠬᠤᠶᠠᠳᠤᠭᠠᠷ ᠥᠷᠲᠡᠭᠡᠨ ᠤ ᠬᠢᠷᠢ ᠬᠡᠮ ᠢ ᠤᠯᠵᠦ᠂ 9 ᠰᠠᠷ᠎ᠠ ᠶᠢᠨ 21 ᠤ ᠡᠳᠦᠷ ᠠᠴᠠ 24 ᠤ ᠡᠳᠦᠷ ᠪᠣᠯᠲᠠᠯ᠎ᠠ ᠥᠪᠥᠷ ᠮᠣᠩᠭᠤᠯ ᠤᠨ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠥᠪ ︵ᠬᠠᠶᠢᠯᠠᠷ︶ ᠲᠤ ᠶᠠᠪᠤᠭᠳᠠᠬᠤ ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠢᠷᠢ ᠬᠡᠮ ᠤᠨ ᠤᠷᠤᠯᠳᠤᠭᠠᠨ ᠤ ᠬᠤᠶᠠᠳᠤᠭᠠᠷ ᠥᠷᠲᠡᠭᠡᠨ ᠤ ᠤᠷᠤᠯᠳᠤᠭᠠᠨ ᠳᠤ ᠣᠷᠣᠯᠴᠠᠬᠤ ᠪᠣᠯᠣᠨ᠎ᠠ᠃
    ᠠᠩᠭᠢ ᠶᠢᠨ ᠲᠠᠮᠢᠷᠴᠢᠳ ᠤᠨ ᠨᠠᠰᠤ ᠨᠢ ᠨᠡᠶᠢᠳᠡᠮ ᠳᠡᠭᠡᠨ ᠠᠳᠠᠯᠢ ᠳᠤᠭᠤᠶᠢᠯᠠᠩ ᠤᠨ ᠳᠤᠮᠳᠠ ᠪᠠᠨ 2 ︱ 3 ᠨᠠᠰᠤ ᠪᠠᠭ᠎ᠠ᠂ ᠴᠢᠨᠠᠭᠰᠢᠯᠠᠪᠠᠯ ᠨᠠᠩ  ᠪᠠᠭ᠎ᠠ ᠪᠠᠶᠢᠬᠤ ᠪᠠᠶᠢᠳᠠᠯ ᠤᠨ ᠳᠣᠣᠷ᠎ᠠ᠂ ᠥᠪᠥᠷ ᠮᠣᠩᠭᠤᠯ ᠤᠨ ᠣᠶᠢᠷ᠎ᠠ ᠵᠠᠢ  ᠶᠢᠨ ᠲᠦᠷᠭᠡᠨ ᠲᠡᠰᠢᠯᠲᠡ ᠶᠢᠨ ᠠᠩᠭᠢ ᠶᠢᠨ ᠲᠠᠮᠢᠷᠴᠢᠳ ᠰᠢᠷᠭᠠᠭᠤ ᠬᠠᠲᠠᠭᠤᠵᠢᠯᠲᠠᠢ ᠤᠷᠤᠯᠳᠤᠭᠠᠨ ᠤ ᠰᠤᠷᠲᠠᠯ᠂ ᠰᠢᠯᠢᠳᠡᠭ ᠮᠡᠷᠭᠡᠵᠢᠯ ᠪᠠ ᠤᠷᠤᠯᠳᠤᠭᠠᠨ ᠤ ᠬᠢᠷᠢ ᠲᠦᠪᠰᠢᠨ ᠢᠶᠠᠷ ᠰᠢᠯᠢᠳᠡᠭ ᠬᠢᠷᠢ ᠪᠦᠲᠦᠮᠵᠢ ᠣᠯᠣᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号